︽ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠪᠣᠯ | ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠲᠡᠭᠦᠰᠦᠭᠰᠡᠨ ᠤ | ᠳᠠᠷᠠᠭ᠎ᠠ ᠬᠤᠷᠠᠯᠳᠤᠭᠤᠯᠤᠭᠰᠠᠨ ᠨᠢᠭᠡ ᠤᠳᠠᠭᠠᠨ ᠤ ᠠᠯᠤᠰ ᠬᠡᠲᠦ ᠶᠢᠨ ᠨᠥᠯᠥᠭᠡ ᠲᠠᠢ᠂ ᠴᠢᠬᠤᠯᠠ ᠶᠡᠭᠡ ᠠᠴᠢ | ᠬᠤᠯᠪᠣᠭᠳᠠᠯ ᠲᠠᠢ ᠦᠪᠡᠳᠡᠭᠰᠢ ᠴᠤᠭᠯᠠᠭᠠᠨ ᠮᠥᠨ᠃ ᠪᠦᠬᠦᠳᠡ ᠬᠤᠷᠠᠯ ᠠᠴᠠ᠂ ︿ᠲᠠᠪᠤᠨ ᠶᠡᠭᠡ ᠡᠭᠦᠷᠭᠡ﹀ ᠶᠢᠨ | ᠪᠣᠳᠠᠲᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︿ | ᠵᠢᠷᠭᠤᠭᠠᠨ ᠢᠨᠵᠧᠨᠧᠷᠢᠩ﹀ ᠪᠣᠯᠤᠨ ᠮᠠᠨ ᠤ ᠬᠤᠳᠠ ᠶᠢᠨ ︿ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ﹀ | ᠢ ᠪᠣᠳᠠᠲᠠᠢ ᠠᠳᠬᠤᠵᠤ᠂ ᠬᠡᠷᠡᠭᠵᠢᠭᠦᠯᠬᠦ ᠲᠥᠰᠦᠯ ᠪᠣᠯᠤᠨ ᠣᠨ ᠤ ᠲᠥᠯᠥᠪᠯᠡᠭᠡ ᠲᠠᠢ ᠬᠠᠷᠢᠴᠠᠭᠤᠯᠤᠨ ᠳᠠᠷᠤᠯᠲᠠ | ᠥᠭᠴᠦ ᠬᠦᠴᠦᠯᠡᠨ ᠠᠬᠢᠭᠤᠯᠵᠤ᠂ ᠵᠢᠯ ᠤᠨ ᠡᠴᠦᠰ ᠲᠤ ᠲᠣᠭᠲᠠᠭᠰᠠᠨ ᠬᠤᠭᠤᠴᠠᠭᠠᠨ ᠳᠠᠭᠠᠨ ᠳᠠᠩᠰᠠ ᠮᠡᠳᠡᠭᠦᠯᠵᠦ | ᠰᠢᠯᠭᠠᠯᠲᠠ ᠲᠤᠰᠢᠶᠠᠬᠤ ᠶᠢ ᠪᠠᠲᠤᠯᠠᠬᠤ ᠬᠡᠷᠡᠭᠲᠡᠢ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠤᠳᠠ ᠶᠢᠨ | ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠢ ᠲᠠᠨᠢᠵᠤ᠂ ᠣᠨᠣᠪᠴᠢᠲᠠᠢ ᠡᠵᠡᠮᠳᠡᠵᠦ᠂ ᠮᠠᠨ ᠤ ᠬᠤᠳᠠ ᠶᠢᠨ ︽ᠠᠷᠪᠠᠨ ᠬᠤᠶᠠᠷ | ᠵᠦᠢᠯ ᠤᠨ ᠭᠤᠣᠯᠳᠠᠯᠭ᠎ᠠ ᠲᠠᠢ ᠠᠵᠢᠯ︾ ᠤᠨ ᠲᠣᠭᠤᠷᠢᠨ ᠳᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ | ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ | ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠰᠠᠶᠢᠨ ᠰᠠᠶᠢᠬᠠᠨ | ᠪᠠᠶᠢᠳᠠᠯ ᠢ ᠬᠦᠴᠦᠯᠡᠨ ᠪᠠᠲᠤᠯᠠᠵᠤ᠂ ᠪᠣᠭᠤᠮᠲᠠ ᠰᠢᠪᠲᠤᠯᠬᠤ ᠪᠠᠶᠢᠳᠠᠯ ᠢᠶᠠᠷ ᠪᠦᠬᠦ ᠵᠢᠯ ᠤᠨ ᠬᠠᠷᠠᠯᠲᠠ ᠡᠭᠦᠷᠭᠡ ᠪᠠᠨ | ᠡᠷᠡᠰ ᠪᠡᠶᠡᠯᠡᠭᠦᠯᠵᠦ᠂ ᠬᠤᠳᠠ ᠶᠢᠨ ᠨᠠᠮ ᠤᠨ ᠬᠤᠷᠢᠶ᠎ᠠ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ | ᠲᠤᠰᠢᠶᠠᠬᠤ ᠪᠣᠯᠤᠨ᠎ᠠ︾ ᠭᠡᠵᠦ ᠬᠡᠯᠡᠪᠡ᠃ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠼᠦᠢ ᠬᠤᠩ ᠪᠥᠸᠧ ᠰᠤᠷᠪᠤᠯᠵᠢᠯᠠᠭᠴᠢ ᠶᠢᠨ ᠲᠤᠰᠬᠠᠶ | ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠪᠡ᠃ | ᠼᠦᠢ ᠬᠤᠩ ᠪᠥᠸᠧ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠦᠵᠡᠯ ᠰᠠᠨᠠᠭ᠎ᠠ ᠪᠣᠯᠤᠨ ᠦᠢᠯᠡ | ᠠᠵᠢᠯᠯᠠᠭ᠎ᠠ ᠪᠠᠨ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠳᠡᠭᠡᠷ᠎ᠡ ᠦᠳᠲᠡᠷ ᠲᠦᠷᠭᠡᠨ ᠨᠢᠭᠡᠳᠬᠡᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦᠳᠠ ᠬᠤᠷᠠᠯ ᠠᠴᠠ ᠠᠵᠢᠯ ᠳᠤ ᠳᠤᠷᠠᠳᠤᠭᠰᠠᠨ ᠰᠢᠨ᠎ᠡ | ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠬᠠᠷᠭᠤᠭᠤᠯᠵᠤ᠂ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ | ᠰᠠᠶᠢᠲᠤᠷ ᠬᠢᠨ᠎ᠡ᠄ ᠨᠢᠭᠡ ᠳᠤ᠂ ︽ᠲᠦᠷᠦᠯ ᠵᠦᠢᠯ ᠢᠶᠠᠷ ᠭᠤᠣᠯ ᠪᠣᠯᠭᠠᠬᠤ︾ ᠶᠢ ᠡᠷᠡᠰ ᠭᠤᠶᠢᠪᠢᠰᠢ ᠦᠭᠡᠢ | ᠲᠤᠪᠤᠶᠢᠯᠭᠠᠵᠦ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ᠂ ᠪᠦᠬᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠤ ᠪᠠᠲᠤᠯᠠᠭ᠎ᠠ᠂ ᠪᠦᠬᠦ ᠴᠠᠭ ᠬᠤᠭᠤᠴᠠᠭᠠᠨ ᠳᠤ ᠤᠨᠢᠨ ᠳᠡᠭᠡᠷ᠎ᠡ ᠨᠢ ᠦᠢᠯᠡᠴᠢᠯᠡᠬᠦ ᠶᠢ | ᠴᠢᠩᠭᠠᠳᠬᠠᠵᠤ᠂ ᠪᠡᠭᠡᠵᠢᠩ ᠲᠢᠶᠠᠨᠵᠢᠨ ᠡᡁᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠠᠵᠠᠷ | ᠣᠷᠣᠨ ᠳᠤ ᠬᠦᠷᠴᠦ ︽ᠴᠡᠭ ᠠᠴᠠ ᠴᠡᠭ ᠲᠤ ᠬᠦᠷᠬᠦ︾ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠶᠢ | ᠥᠷᠨᠢᠭᠦᠯᠵᠦ᠂ BDO ᠳᠤᠤᠷᠠᠳᠤ ᠤᠷᠤᠰᠬᠠᠯ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ | ᠬᠡᠯᠬᠢᠶ᠎ᠡ᠂ ᠲᠠᠷᠢᠶᠠᠯᠠᠩ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠢ ᠠᠭᠤᠰᠤᠯᠴᠠᠭᠤᠯᠬᠤ ᠵᠡᠷᠭᠡ ᠠᠵᠢᠯ ᠤᠨ | ᠲᠣᠭᠤᠷᠢᠨ ᠳᠤ ᠭᠤᠣᠯ ᠰᠡᠳᠦᠪ ᠢᠶᠠᠷ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠪᠦᠬᠦ ᠵᠢᠯ ᠳᠤ 85 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠵᠤ᠂ ᠠᠳᠠᠯᠢ ᠬᠤᠭᠤᠴᠠᠭᠠᠨ ᠤ ᠬᠢ ᠠᠴᠠ 25% ᠪᠠᠷ | ᠨᠡᠮᠡᠭᠳᠡᠬᠦ ᠶᠢ ᠴᠢᠷᠮᠠᠶᠢᠨ ᠪᠡᠶᠡᠯᠡᠭᠦᠯᠦᠨ᠎ᠡ ᠭᠡᠵᠡᠢ᠃ ᠬᠤᠶᠠᠷ ᠲᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠳᠡᠰ ᠳᠡᠪᠰᠢᠬᠦ ᠶᠢ ᠬᠦᠴᠦᠲᠡᠢ ᠠᠬᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠡᠯᠧᠮᠧᠨ᠋ᠲ ᠤᠨ | ᠪᠠᠲᠤᠯᠠᠭ᠎ᠠ ᠶᠢ ᠰᠠᠶᠢᠲᠤᠷ ᠬᠢᠵᠦ᠂ ᠴᠢᠩ ᠲᠤᠤ ᠡᠶᠡᠷᠭᠦ ᠲᠦᠢᠯ ᠤᠨ ᠮᠠᠲ᠋ᠧᠷᠢᠶᠠᠯ᠂ ᠢ ᠯᠢ ᠮᠣᠯᠢᠪᠳᠧᠨ ᠤ ᠴᠠᠬᠢᠯᠭᠠᠨ | ᠬᠥᠳᠡᠯᠭᠡᠭᠦᠷᠲᠦ ᠠᠭᠤᠷᠬᠠᠢ ᠶᠢᠨ ᠺᠠᠷᠲ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠢ ᠵᠢᠯ ᠤᠨ ᠳᠣᠲᠣᠷ᠎ᠠ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠭᠤᠷᠪᠠ ᠳᠤ᠂ ᠦᠵᠡᠰᠬᠦᠯᠡᠩᠲᠦ | ᠰᠠᠶᠢᠬᠠᠨ ᠬᠠᠶᠢᠷᠤᠪ ᠤᠨ ᠲᠣᠬᠤᠢ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠢᠮᠠᠭᠲᠠ ᠴᠢᠩᠭ᠎ᠠ ᠪᠣᠳᠠᠲᠠᠶ | ᠪᠠᠶᠢᠬᠤ ᠶᠢ ᠪᠠᠷᠢᠮᠲᠠᠯᠠᠵᠤ᠂ ︽ᠳᠣᠯᠤᠭ᠎ᠠ ᠶᠢ ᠵᠠᠰᠠᠬᠤ︾ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠭᠠᠳᠠᠭᠰᠢ ᠭᠠᠷᠬᠤ ᠶᠢ | ᠦᠷᠭᠦᠯᠵᠢᠯᠡᠨ ᠬᠡᠷᠡᠭᠵᠢᠭᠦᠯᠵᠦ᠂ ᠣᠽᠣᠨ ᠤ ᠥᠳᠬᠡᠴᠡ ᠶᠢ ᠴᠢᠩᠭ᠎ᠠ ᠬᠢᠵᠠᠭᠠᠷᠯᠠᠨ᠎ᠠ᠃ ︽ᠨᠡᠭᠦᠷᠡᠰᠦ ᠶᠢ ᠴᠠᠬᠢᠯᠭᠠᠨ | ᠪᠣᠯᠭᠠᠨ ᠥᠭᠡᠷᠡᠴᠢᠯᠡᠬᠦ︾ ᠲᠥᠷᠥᠯ ᠵᠦᠢᠯ ᠢ ᠵᠢᠯ ᠤᠨ ᠳᠣᠲᠣᠷ᠎ᠠ ᠪᠦᠬᠦ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ | ᠠᠰᠢᠭᠯᠠᠯᠲᠠ ᠳᠤ ᠣᠷᠣᠭᠤᠯᠵᠤ᠂ PM-2.5 ᠵᠢᠯ ᠤᠨ ᠳᠤᠮᠳᠠᠴᠢ ᠥᠳᠬᠡᠴᠡ ᠶᠢᠨ ᠲᠣᠭᠲᠠᠭᠤᠨ ᠢᠶᠠᠷ | ᠪᠠᠭᠤᠷᠠᠬᠤ ᠶᠢ ᠦᠨᠡᠨᠬᠦ ᠪᠠᠲᠤᠯᠠᠨ᠎ᠠ᠃ ᠳᠥᠷᠪᠡ ᠳᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ | ᠨᠡᠮᠡᠭᠳᠡᠭᠦᠯᠵᠦ᠂ 2024 ᠣᠨ ᠤ 51 ᠬᠠᠭᠤᠴᠢᠨ ᠵᠢᠵᠢᠭ ᠲᠣᠭᠤᠷᠢᠭ ᠤᠨ ᠢᠵᠢ ᠪᠦᠷᠢᠳᠦᠭᠦᠯᠬᠦ ᠰᠠᠭᠤᠷᠢ | ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠲᠦᠷᠦᠯ ᠵᠦᠢᠯ ᠢ ᠯᠠᠪᠳᠠᠭᠤᠨ ᠪᠠᠲᠤᠲᠠᠢ ᠠᠬᠢᠭᠤᠯᠤᠨ᠎ᠠ︔ ᠰᠢᠨ ᠢ | ᠯᠢᠨ ᠵᠠᠬ᠎ᠠ ᠳᠡᠯᠭᠡᠭᠦᠷ ᠤᠨ ᠵᠢᠯ ᠤᠨ ᠳᠣᠲᠣᠷ᠎ᠠ ᠠᠵᠢᠯ ᠢᠶᠠᠨ ᠳᠠᠭᠤᠰᠬᠠᠬᠤ ᠶᠢᠨ ᠬᠠᠮᠲᠤ ᠠᠰᠢᠭᠯᠠᠯᠲᠠ ᠳᠤ | ᠣᠷᠣᠭᠤᠯᠬᠤ ᠶᠢ ᠠᠬᠢᠭᠤᠯᠵᠤ᠂ ᠨᠡᠩ ᠤᠯᠠᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠣᠷᠣᠭᠤᠯᠤᠨ ᠠᠪᠴᠢᠷᠠᠵᠤ᠂ ᠵᠠᠬ᠎ᠠ ᠳᠡᠯᠭᠡᠭᠦᠷ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠬᠤᠳᠠ ᠶᠢᠨ | ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ ᠪᠠ ᠬᠠᠷᠢᠶᠠᠯᠠᠭᠳᠠᠬᠤ ᠲᠦᠷᠦᠭᠳᠡᠯ ᠢ ᠳᠡᠭᠡᠭᠰᠢᠯᠡᠭᠦᠯᠦᠨ᠎ᠡ᠃ | ᠲᠠᠪᠤ ᠳᠤ᠂ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠶᠢ ᠢᠮᠠᠭᠲᠠ ᠲᠤᠤᠱᠯᠠᠭᠤᠯᠵᠤ᠂ ᠬᠤᠳᠠ ᠶᠢᠨ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ | ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ᠂ | ᠵᠠᠰᠠᠯᠲᠠ ᠶᠢ ᠠᠭᠤᠰᠤᠯᠴᠠᠭᠤᠯᠬᠤ ᠲᠦᠪᠰᠢᠨ ᠢ ᠳᠡᠭᠡᠭᠰᠢᠯᠡᠭᠦᠯᠵᠦ᠂ ᠥᠨᠳᠥᠷ ᠲᠦᠪᠰᠢᠨ ᠪᠦᠬᠦᠢ ᠠᠮᠤᠷ | ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠠᠶᠢᠷᠤᠪ ᠤᠨ ᠲᠤᠬᠤᠢ ᠶᠢᠨ ᠬᠦᠴᠦᠨ | ᠴᠢᠳᠠᠯ ᠢᠶᠠᠨ ᠡᠷᠭᠦᠨ᠎ᠡ᠃ |