ᠬᠠᠶᠢᠷᠤᠪ ᠤᠨ ᠲᠤᠬᠤᠢ ᠶᠢᠨ ᠨᠢᠭᠡᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠵᠢᠩᠬᠢᠨᠢ ᠪᠠᠷ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/8/5
    ᠬᠡᠤᠬᠡᠳ ᠤᠨ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠪᠠᠶᠠᠯᠢᠭᠵᠢᠭᠤᠯᠵᠤ᠂ ᠬᠤᠤᠰ ᠠᠵᠢᠯᠲᠠᠨ ᠠᠵᠢᠯᠴᠢᠨ ᠤ ᠦᠷ᠎ᠡ ᠬᠡᠤᠬᠡᠳ ᠤᠨ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠪᠠ ᠰᠤᠷᠭᠠᠨ ᠬᠥᠮᠦᠵᠢᠯ ᠤᠨ ᠠᠰᠠᠭᠤᠳᠠᠯ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠴᠠᠭᠳᠠᠭ᠎ᠠ ᠬᠡᠦᠬᠡᠳ ᠢ ᠨᠠᠶᠢᠳᠠᠨ ᠬᠠᠮᠢᠶᠠᠷᠤᠭᠤᠯᠬᠤ ᠠᠩᠭᠢ ᠵᠢᠴᠢ ᠠᠮᠠᠷᠠᠯᠲᠠ ᠶᠢᠨ ᠬᠤᠭᠤᠴᠠᠭᠠᠨ ᠤ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠤᠨ ᠠᠩᠭᠢ ᠡᠬᠢᠯᠡᠬᠦ ᠶᠣᠰᠣᠯᠠᠯ ᠱᠢ ᠴᠧᠩ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ ᠲᠤ ᠶᠠᠪᠤᠭᠳᠠᠪᠠ᠃
    ᠶᠣᠰᠣᠯᠠᠯ ᠡᠬᠢᠯᠡᠮᠡᠭᠴᠡ᠂ ᠬᠤᠯᠪᠣᠭᠳᠠᠯ ᠪᠥᠬᠦᠶ ᠤᠳᠤᠷᠢᠳᠤᠯᠭ᠎ᠠ ᠲᠣᠰ ᠤᠳᠠᠭᠠᠨ ᠤ ᠵᠣᠨ ᠤ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠠᠩᠭᠢ ᠵᠢᠴᠢ ᠠᠮᠠᠷᠠᠯᠲᠠ ᠶᠢᠨ ᠬᠤᠭᠤᠴᠠᠭᠠᠨ ᠤ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠤᠨ ᠵᠢᠩᠬᠢᠨᠢ ᠪᠠᠷ ᠰᠤᠷᠤᠯᠭ᠎ᠠ ᠡᠬᠢᠯᠡᠭᠰᠡᠨ ᠳᠤ ᠲᠣᠰ ᠲᠣᠰ ᠬᠠᠯᠠᠭᠤᠨ ᠪᠠᠶᠠᠷ ᠬᠦᠷᠭᠡᠵᠦ᠂ ᠲᠣᠰ ᠤᠳᠠᠭᠠᠨ ᠤ ᠠᠵᠢᠯᠯᠠᠭ᠎ᠠ ᠶᠢ ᠬᠠᠷᠢᠭᠤᠴᠠᠵᠤ ᠪᠠᠶᠢᠭ᠎ᠠ ᠨᠡᠶᠢᠭᠡᠮ ᠲᠣᠭᠤᠷᠢᠭ ᠤᠨ ᠠᠵᠢᠯᠲᠠᠨ ᠪᠣᠯᠤᠨ ᠣᠶᠤᠲᠠᠨ ᠰᠠᠶᠢᠨ ᠳᠤᠷ᠎ᠠ ᠶᠢᠨ ᠠᠵᠢᠯᠯᠠᠭᠰᠠᠳ ᠲᠤ ᠲᠠᠯᠠᠷᠬᠠᠵᠤ ᠪᠠᠶᠢᠬᠤ ᠪᠠᠨ ᠢᠯᠡᠳᠬᠡᠪᠡ︕
    ᠱᠢ ᠴᠧᠩ ᠨᠡᠶᠢᠭᠡᠮ ᠲᠣᠭᠤᠷᠢᠭ ᠤᠨ ᠴᠠᠭᠳᠠᠭᠠᠨ ᠤ ᠬᠡᠦᠬᠡᠳ ᠢ ᠨᠠᠶᠢᠳᠠᠨ ᠬᠠᠮᠢᠶᠠᠷᠤᠭᠤᠯᠬᠤ ᠠᠩᠭᠢ ᠵᠢᠴᠢ ᠱᠢ ᠴᠧᠩ ᠨᠡᠶᠢᠭᠡᠮ ᠲᠣᠭᠤᠷᠢᠭ ᠤᠨ ᠠᠮᠠᠷᠠᠯᠲᠠ ᠶᠢᠨ ᠬᠤᠭᠤᠴᠠᠭᠠᠨ ᠤ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠵᠢᠩᠬᠢᠨᠢ ᠪᠠᠷ ᠡᠬᠢᠯᠡᠪᠡ᠃ ᠳᠠᠷᠠᠭᠠᠴᠢ ᠶᠢᠨ ᠡᠳᠦᠷ ᠲᠤ᠂ ᠬᠡᠦᠬᠡᠳ ᠤᠳ ᠠᠳᠡ ᠮᠠᠷᠲᠠᠭᠳᠠᠰᠢ ᠦᠭᠡᠢ ᠪᠥᠭᠡᠳ ᠤᠳᠬ᠎ᠠ ᠠᠭᠤᠯᠭ᠎ᠠ ᠲᠠᠢ ᠵᠣᠨ ᠤ ᠠᠮᠠᠷᠠᠯᠲᠠ ᠶᠢ ᠥᠩᠭᠡᠷᠡᠭᠡᠬᠦ ᠪᠣᠯᠤᠨ᠎ᠠ ᠭᠡᠳᠡᠭ ᠢ ᠢᠲᠡᠭᠡᠵᠦ ᠪᠠᠶᠢᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠡᠦᠬᠡᠳ ᠤᠨ ᠦᠰᠦᠨ ᠪᠤᠶᠢᠵᠢᠯᠲᠠ ᠪᠠ ᠬᠥᠭᠵᠢᠯᠲᠡ ᠶᠢ ᠦᠷᠭᠦᠯᠵᠢᠯᠡᠨ ᠠᠩᠬᠠᠷᠴᠤ᠂ ᠨᠠᠶᠢᠳᠠᠨ ᠬᠠᠮᠢᠶᠠᠷᠤᠭᠤᠯᠬᠤ ᠠᠩᠬᠢ ᠪᠠ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠤᠨ ᠦᠢᠯᠡᠴᠢᠯᠡᠭᠡ ᠪᠠ ᠶᠠᠰᠤ ᠴᠢᠨᠠᠷ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠬᠡᠦᠬᠡᠳ ᠲᠤ ᠨᠡᠩ ᠪᠠᠶᠠᠯᠢᠭ᠂ ᠰᠢᠯᠢᠳᠡᠭ ᠦᠢᠯᠡᠴᠢᠯᠡᠭᠡ ᠬᠠᠩᠭᠠᠬᠤ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号