ᠬᠠᠶᠢᠷᠤᠪ ᠤᠨ ᠲᠤᠬᠤᠢ ᠶᠢᠨ ᠪᠠᠰᠠ ᠨᠢᠭᠡᠨ ᠠᠵᠢᠯᠯᠠᠭᠠᠨ ᠤ ᠲᠥᠪ ᠫᠠᠶᠢᠰᠠ ᠡᠯᠭᠦᠨ ᠪᠠᠶᠢᠭᠤᠯᠤᠭᠳᠠᠪᠠ︕
ᠨᠡᠶᠢᠲᠡᠯᠡᠭᠰᠡᠨ ᠴᠠᠭ᠄
2024/8/5
    8 ᠰᠠᠷ᠎ᠠ ᠶᠢᠨ 1᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠵᠠᠯᠠᠭᠤᠴᠤᠳ ᠪᠠᠭᠠᠴᠤᠳ ᠤᠨ ᠠᠵᠢᠯᠯᠠᠭ᠎ᠠ ᠶᠢᠨ ᠲᠥᠪ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠬᠠᠢ ᠬᠤᠳᠠ ᠶᠢᠨ ᠬᠤᠷᠢᠶᠠᠨ ᠤ ᠳᠡᠳ᠋ ᠱᠦᠵᠢ ᠴᠧᠨ ᠸᠧᠨ ᠶᠢᠨ ᠬᠠᠮᠲᠤ ᠪᠠᠷ ︽ᠬᠠᠶᠢᠷᠤᠪ ᠤᠨ ᠲᠤᠬᠤᠢ ᠲᠣᠭᠤᠷᠢᠭ ᠤᠨ ᠵᠠᠯᠠᠭᠤᠴᠤᠳ ᠪᠠᠭᠠᠴᠤᠳ ᠤᠨ ᠠᠵᠢᠯᠯᠠᠭ᠎ᠠ ᠶᠢᠨ ᠲᠥᠪ︾᠎ ᠤᠨ ᠫᠠᠶᠢᠰᠠ ᠶᠢ ᠰᠡᠬᠦᠪᠡ᠃
640 (1).jpg   
    ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠶᠢᠷᠤᠪ ᠤᠨ ᠲᠤᠬᠤᠢ ᠲᠣᠭᠤᠷᠢᠭ ᠤᠨ ᠬᠤᠷᠢᠶ᠎ᠠ ᠬᠤᠲᠠ ᠲᠣᠭᠤᠷᠢᠭ ᠤᠨ ᠬᠤᠶᠠᠷ ᠱᠠᠲᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠨᠡᠶᠢᠳᠬᠡᠵᠦ᠂ ᠦᠬᠠᠢ ᠬᠤᠲᠠ ᠶᠢᠨ ᠵᠠᠯᠠᠭᠤᠴᠤᠳ ᠪᠠᠭᠠᠴᠤᠳ ᠤᠨ ᠪᠦᠲᠦᠭᠡᠯᠴᠢ ᠰᠡᠳᠬᠢᠮᠵᠢ ᠶᠢᠨ ᠬᠦᠷᠢᠶᠡᠯᠡᠩ ᠳᠤ ᠲᠦᠰᠢᠭᠯᠡᠨ ᠬᠠᠶᠢᠷᠤᠪ ᠤᠨ ᠲᠤᠬᠤᠢ ᠲᠣᠭᠤᠷᠢᠭ ᠤᠨ ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ ᠢ ᠫᠠᠶᠢᠰᠠ ᠡᠯᠭᠦᠨ ᠪᠠᠶᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠵᠠᠯᠠᠭᠤᠴᠤᠳ ᠪᠠᠭᠠᠴᠤᠳ ᠤᠨ ᠰᠣᠶᠣᠯ ᠤᠨ ᠠᠮᠢᠳᠤᠷᠠᠯ ᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ᠵᠠᠯᠠᠭᠤᠴᠤᠳ ᠪᠠᠭᠠᠴᠤᠳ ᠢ ᠰᠢᠨ᠎ᠡ ᠶᠢ ᠡᠭᠦᠳᠬᠦ ᠳᠤᠮᠳᠠ ᠰᠤᠷᠤᠯᠴᠠᠭᠤᠯᠵᠤ᠂ ᠰᠤᠷᠤᠯᠴᠠᠬᠤ ᠳᠤᠮᠳᠠ ᠦᠢᠯᠡᠳᠦᠯᠭᠡᠵᠢᠭᠦᠯᠵᠦ᠂ ᠦᠢᠯᠡᠳᠦᠯᠭᠡ ᠶᠢᠨ ᠳᠤᠮᠳᠠ ᠪᠤᠶᠢᠵᠢᠭᠤᠯᠵᠤ᠂ ᠵᠠᠯᠠᠭᠤᠴᠤᠳ ᠪᠠᠭᠠᠴᠤᠳ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠪᠠ᠃
640 (2).jpg   
    ᠡᠪᠯᠡᠯ ᠤᠨ ᠬᠤᠷᠢᠶ᠎ᠠ ᠬᠠᠶᠢᠷᠤᠪ ᠤᠨ ᠲᠤᠬᠤᠢ ᠲᠣᠭᠤᠷᠢᠭ ᠤᠨ ᠵᠠᠯᠠᠭᠤᠴᠤᠳ ᠪᠠᠭᠠᠴᠤᠳ ᠤᠨ ᠠᠵᠢᠯᠯᠠᠭ᠎ᠠ ᠶᠢᠨ ᠲᠥᠪ ᠲᠤ ᠦᠷᠭᠦᠯᠵᠢᠯᠡᠨ ᠰᠠᠶᠢᠲᠤᠷ ᠦᠢᠯᠡᠴᠢᠯᠡᠵᠦ᠂ ᠡᠯ᠎ᠡ ᠵᠦᠢᠯ ᠤᠨ ᠨᠠᠷᠢᠨ ᠨᠢᠮᠪᠠᠢ ᠵᠢᠷᠤᠵᠤ ᠲᠥᠯᠥᠪᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠳᠤᠷ᠎ᠠ ᠰᠣᠨᠢᠷᠬᠠᠯ ᠢ ᠬᠥᠭᠵᠢᠭᠡᠵᠦ᠂ ᠲᠡᠳᠡᠨ ᠤ ᠦᠢᠯᠡᠳᠦᠯᠭᠡ ᠶᠢᠨ ᠴᠢᠳᠠᠪᠤᠷᠢ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠣᠯᠤᠨ ᠪᠦᠯᠬᠦᠮ ᠨᠡᠶᠢᠲᠡ ᠶᠢᠨ ᠬᠠᠮᠵᠢᠯᠴᠠᠬᠤ ᠤᠬᠠᠮᠰᠠᠷ ᠢ ᠬᠥᠮᠦᠵᠢᠭᠦᠯᠵᠦ᠂ ᠥᠷᠭᠡᠨ ᠤᠯᠠᠨ ᠵᠠᠯᠠᠭᠤᠴᠤᠳ ᠪᠠᠭᠠᠴᠤᠳ ᠲᠤ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠰᠢᠨ᠎ᠡ ᠶᠢ ᠡᠭᠦᠳᠬᠦ ᠪᠠ ᠬᠠᠶᠢᠨ ᠰᠦᠪᠡᠭᠴᠢᠯᠡᠬᠦ ᠣᠷᠣᠨ ᠵᠠᠢ ᠶᠢ ᠪᠠᠶᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠵᠠᠯᠠᠭᠤᠴᠤᠳ ᠪᠠᠭᠠᠴᠤᠳ ᠤᠨ ᠠᠵᠢᠯᠯᠠᠭ᠎ᠠ ᠶᠢᠨ ᠲᠥᠪ ᠢ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠦᠳᠦᠯᠦᠨ ᠳᠠᠭᠠᠭᠤᠯᠬᠤ ᠵᠢᠱᠢᠶ᠎ᠡ ᠦᠵᠡᠭᠦᠯᠬᠦ ᠰᠠᠭᠤᠷᠢᠨ ᠪᠣᠯᠭᠠᠵᠤ᠂ ᠵᠠᠯᠠᠭᠤᠴᠤᠳ ᠪᠠᠭᠠᠴᠤᠳ ᠤᠨ ᠪᠦᠬᠦ ᠲᠠᠯ᠎ᠠ ᠶᠢᠨ ᠬᠥᠭᠵᠢᠯᠲᠡ ᠳᠤ ᠦᠢᠯᠡᠴᠢᠯᠡᠬᠦ ᠭᠤᠣᠯ ᠵᠢᠭᠰᠠᠭᠠᠯ ᠤᠨ ᠭᠠᠵᠠᠷ ᠵᠢᠴᠢ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠰᠢᠨᠵᠢᠯᠡᠬᠦ ᠤᠬᠠᠭᠠᠨᠴᠢ ᠬᠥᠭᠵᠢᠯᠲᠡ ᠳᠤ ᠦᠢᠯᠡᠴᠢᠯᠡᠬᠦ ᠴᠢᠬᠤᠯᠠ ᠲᠠᠯᠠᠪᠠᠢ ᠪᠣᠯᠭᠠᠨ ᠪᠠᠶᠢᠭᠤᠯᠤᠨ᠎ᠠ᠃
       ᠶᠣᠰᠣᠯᠠᠯ ᠳᠠᠭᠤᠰᠤᠭᠰᠠᠨ ᠤ ᠳᠠᠷᠠᠭ᠎ᠠ᠂ ᠡᠪᠯᠡᠯ ᠤᠨ ᠬᠤᠷᠢᠶ᠎ᠠ ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠤᠨ ᠬᠡᠰᠡᠭ ᠲᠥᠪ ᠬᠦᠷᠢᠶᠡᠯᠡᠩ ᠲᠣᠭᠤᠷᠢᠭ ᠤᠨ ᠳᠣᠲᠣᠷᠠᠬᠢ ᠴᠢᠳᠠᠮᠵᠢ ᠶᠢᠨ ᠬᠢᠴᠢᠶᠡᠯ ᠤᠨ ᠭᠡᠷ ᠪᠣᠯᠤᠨ ᠤᠨᠴᠠᠯᠢᠬᠳᠤ ᠬᠢᠴᠢᠶᠡᠯ ᠢ ᠲᠣᠭᠤᠷᠢᠨ ᠦᠵᠡᠭᠰᠡᠨ ᠪᠥᠭᠡᠳ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠᠭᠰᠢ ᠶᠢ ᠤᠷᠢᠵᠤ ᠵᠠᠯᠠᠭᠤᠴᠤᠳ ᠪᠠᠭᠠᠴᠤᠳ ᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠮᠢᠳᠤᠯᠢᠭ ᠬᠢᠴᠢᠶᠡᠯ ᠤᠨ ᠲᠠᠩᠬᠢᠮ ᠣᠷᠣᠭᠤᠯᠵᠠᠶ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号