ᠬᠠᠶᠢᠷᠤᠪ ᠤᠨ ᠲᠤᠬᠤᠢ ᠲᠣᠭᠤᠷᠢᠭ ᠤᠨ ᠮᠠᠰᠢᠨ ᠲᠡᠷᠭᠡ ᠤ ᠬᠠᠭᠤᠴᠢᠨ ᠢᠶᠠᠷ ᠰᠢᠨ᠎ᠡ ᠶᠢ ᠰᠣᠯᠢᠬᠤ ᠱᠠᠩᠨᠠᠯ ᠤᠨ ᠠᠵᠢᠯᠯᠠᠭ᠎ᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠠᠪᠤᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠶᠠᠪᠤᠭᠳᠠᠪᠠ
ᠨᠡᠶᠢᠲᠡᠯᠡᠭᠰᠡᠨ ᠴᠠᠭ᠄
2024/8/5
    8 ᠰᠠᠷ᠎ᠠ ᠶᠢᠨ 1᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠮᠠᠰᠢᠨ ᠲᠡᠷᠭᠡ ᠤ ᠬᠠᠭᠤᠴᠢᠨ ᠢᠶᠠᠷ ᠰᠢᠨ᠎ᠡ ᠶᠢ ᠰᠣᠯᠢᠬᠤ ᠱᠠᠩᠨᠠᠯ ᠤᠨ ᠠᠵᠢᠯᠯᠠᠭ᠎ᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠠᠪᠤᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠶᠠᠪᠤᠭᠳᠠᠵᠤ᠂ ᠬᠤᠳᠠ᠂ ᠲᠣᠭᠤᠷᠢᠭ ᠤᠨ ᠱᠠᠲᠤᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠪᠠ
640 (1).jpg   
    ᠠᠵᠢᠯᠯᠠᠭ᠎ᠠ ᠳᠡᠭᠡᠷ᠎ᠡ᠂ ︽2024 ᠣᠨ ᠤ ᠦᠬᠠᠶ ᠬᠤᠲᠠ ᠶᠢᠨ ᠮᠠᠰᠢᠨ ᠲᠡᠷᠭᠡ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠲᠥᠰᠦᠯ︾᠎ ᠤᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠪᠠ︔ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠤᠨ ᠦᠵᠡᠭᠦᠯᠭᠡ ᠶᠢᠨ ᠪᠠᠶᠢᠷᠢ ᠶᠢᠨ ᠵᠠᠷᠤᠳᠠᠯ 2024 ᠣᠨ ᠤ ᠵᠤᠨ ᠤ ᠤᠯᠠᠷᠢᠯ ᠤᠨ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠤᠨ ᠦᠵᠡᠭᠦᠯᠭᠡ ᠶᠢᠨ ᠪᠠᠶᠢᠷᠢ ᠶᠢᠨ ᠵᠠᠷᠤᠳᠠᠯ ᠤᠨ ᠨᠥᠬᠦᠪᠥᠷᠢ ᠶᠢᠨ ᠨᠡᠷᠡᠰ᠂ ᠡᠯ᠎ᠡ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠤᠨ ᠱᠠᠩᠨᠠᠯ ᠨᠥᠬᠦᠪᠥᠷᠢ ᠶᠢᠨ ᠨᠡᠷᠡᠰ ᠢ ᠨᠡᠶᠢᠲᠡᠯᠡᠪᠡ︔ ᠪᠠᠰᠠ ᠱᠠᠩᠨᠠᠯ ᠨᠥᠬᠦᠪᠥᠷᠢ ᠣᠯᠤᠭᠰᠠᠨ ᠠᠵᠤ ᠠᠬᠤᠶᠢᠯᠠᠯ ᠤᠨ ᠲᠥᠯᠥᠭᠡᠯᠡᠭᠴᠢ ᠪᠠ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠤᠭᠰᠠᠨ ᠦᠷ᠎ᠡ ᠪᠦᠲᠦᠮᠵᠢ ᠪᠠᠷ ᠰᠠᠶᠢᠨ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠳᠤ ᠱᠠᠩᠨᠠᠯ ᠣᠯᠭᠤᠪᠠ᠃    ᠲᠣᠰ ᠤᠳᠠᠭᠠᠨ ᠤ ᠬᠠᠶᠢᠷᠤᠪ ᠤᠨ ᠲᠣᠬᠤᠢ ᠲᠣᠭᠤᠷᠢᠭ ᠤᠨ ᠮᠠᠰᠢᠨ ᠲᠡᠷᠭᠡ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠱᠠᠩᠨᠠᠬᠤ ᠠᠵᠢᠯᠯᠠᠭ᠎ᠠ ᠶᠢ ᠥᠷᠨᠢᠭᠦᠯᠦᠭᠰᠡᠨ ᠨᠢ ᠮᠠᠰᠢᠨ ᠲᠡᠷᠭᠡ ᠪᠣᠷᠣᠯᠠᠭᠤᠯᠬᠤ ᠠᠵᠤ ᠠᠬᠤᠶᠢᠯᠠᠯ ᠳᠤ ᠦᠨᠡᠨ ᠪᠣᠳᠠᠲᠠᠶ ᠠᠰᠢᠭ ᠬᠦᠷᠲᠡᠭᠰᠡᠨ ᠢᠶᠠᠷ ᠪᠠᠷᠠᠬᠤ ᠥᠬᠡᠶ᠂ ᠪᠠᠰᠠ ᠮᠠᠰᠢᠨ ᠲᠡᠷᠭᠡᠨ ᠤ ᠵᠠᠬ᠎ᠠ ᠳᠡᠯᠭᠡᠭᠦᠷ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠮᠠᠰᠢᠨ ᠲᠡᠷᠭᠡᠨ ᠤ ᠱᠠᠲᠤᠯᠢᠭ ᠬᠡᠷᠡᠭᠯᠡᠭᠡ ᠶᠢ ᠠᠬᠢᠭᠤᠯᠬᠤ᠂ ᠬᠡᠷᠡᠭᠯᠡᠭᠡ ᠶᠢ ᠰᠢᠨᠡᠴᠢᠯᠡᠬᠦ ᠶᠢ ᠠᠬᠢᠭᠤᠯᠬᠤ ᠶᠢᠨ ᠬᠠᠮᠲᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠪᠣᠯᠤᠨ ᠣᠷᠴᠢᠨ ᠲᠣᠭᠤᠷᠢᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠳᠤ ᠠᠰᠢᠭᠲᠠᠢ ᠶᠤᠮ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠡᠯ᠎ᠡ ᠠᠵᠤ ᠠᠬᠤᠶᠢᠯᠠᠯ ᠤᠨ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠴᠢᠩᠭ᠎ᠠ ᠠᠳᠬᠤᠨ ᠨᠠᠶᠢᠳᠠᠪᠤᠷᠢᠵᠢᠭᠤᠯᠵᠤ᠂ ᠮᠠᠰᠢᠨ ᠲᠡᠷᠭᠡᠨ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠠᠬᠢᠭᠤᠯᠵᠤ᠂ ᠨᠡᠩ ᠤᠯᠠᠨ ᠬᠡᠷᠡᠭᠯᠡᠭᠴᠢᠳ ᠲᠤ ᠲᠦᠷᠦ ᠶᠢᠨ ᠪᠤᠳᠤᠯᠭ᠎ᠠ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠭᠤᠯᠵᠤ᠂ ᠲᠦᠷᠦ ᠶᠢᠨ ᠪᠤᠳᠤᠯᠭ᠎ᠠ ᠳᠤ ᠣᠷᠣᠯᠴᠠᠭᠤᠯᠵᠤ᠂ ᠲᠦᠷᠦ ᠶᠢᠨ ᠪᠤᠳᠤᠯᠭ᠎ᠠ ᠶᠢ ᠡᠳ᠋ᠯᠡᠭᠦᠯᠬᠦ ᠶᠢ ᠵᠣᠷᠢᠭᠵᠢᠭᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号