ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ ᠨᠠᠷ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠲᠤ ᠬᠦᠷᠴᠦ ᠵᠢᠭᠠᠨ ᠰᠤᠳᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/6
    2024 ᠣᠨ ᠤ 8 ᠰᠠᠷ᠎ᠠ ᠶᠢᠨ 1᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠤᠳᠤᠷᠢᠳᠤᠯᠭ᠎ᠠ ᠸᠠᠩ ᠵᠢᠤᠸᠠᠨ ᠳᠡᠳ᠋ ᠱᠦᠵᠢ᠂ ᠸᠠᠩ ᠱᠤ᠋ ᠶᠠᠨ ᠲᠣᠭᠤᠷᠢᠭ ᠤᠨ ᠳᠡᠳ᠋ ᠳᠠᠷᠤᠭ᠎ᠠ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠢᠶᠠᠨ ᠰᠢᠤᠢ ᠰᠢᠶᠠ ᠲᠣᠪᠴᠢᠶᠠᠨ ᠳᠠᠷᠤᠭ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ ᠤᠨ ᠵᠢᠶᠠ ᠵᠢᠤᠸᠠᠨ ᠡᠷᠬᠢᠯᠡᠭᠴᠢ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠲᠤ ᠬᠦᠷᠴᠦ ᠵᠢᠭᠠᠨ ᠰᠤᠳᠤᠯᠬᠤ ᠠᠵᠢᠯ ᠢ ᠪᠠᠶᠢᠴᠠᠭᠠᠨ ᠰᠤᠳᠤᠯᠪᠠ᠃ ᠵᠢᠭᠠᠨ ᠰᠤᠳᠤᠯᠬᠤ ᠲᠥᠪ ᠤᠨ ᠡᠷᠬᠢᠯᠡᠭᠴᠢ ᠱᠢ ᠮᠧᠢ ᠵᠢᠤᠸᠠᠨ᠂ ᠳᠡᠳ᠋ ᠡᠷᠬᠢᠯᠡᠭᠴᠢ ᠵᠦ ᠭᠦᠸᠧ ᠳ᠋ᠦᠩ᠂ ᠡᠯ᠎ᠡ ᠰᠢᠨᠵᠢᠯᠡᠭᠡᠨ ᠤ ᠰᠠᠯᠠᠭᠠᠨ ᠤ ᠵᠢᠭᠠᠨ ᠰᠤᠳᠤᠯᠤᠭᠴᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠳᠡᠭᠡᠳᠦ ᠱᠠᠲᠤᠨ ᠤ ᠤᠳᠤᠷᠢᠳᠤᠯᠭ᠎ᠠ ᠡᠩ ᠲᠡᠷᠢᠭᠦᠨ ᠳᠤ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠤᠨ ᠠᠵᠢᠯᠯᠠᠬᠤ ᠨᠥᠬᠦᠴᠡᠯ᠂ ᠬᠠᠲᠠᠭᠤ ᠲᠣᠨᠤᠭ ᠲᠥᠬᠦᠭᠡᠷᠦᠮᠵᠢ ᠶᠢ ᠨᠢᠭᠡᠳ ᠨᠢᠭᠡ ᠪᠠᠷ ᠯᠠᠪᠯᠠᠨ ᠠᠰᠠᠭᠤᠪᠠ᠃ ᠳᠠᠷᠠᠭ᠎ᠠ ᠨᠢ᠂ ᠱᠢ ᠮᠧᠶ ᠵᠢᠤᠸᠠᠨ ᠡᠷᠬᠢᠯᠡᠭᠴᠢ ︽ᠰᠢᠨ᠎ᠡ ᠴᠠᠭ ᠦᠶ᠎ᠡ  ᠰᠢᠨ᠎ᠡ ᠵᠢᠭᠠᠨ ᠰᠤᠳᠤᠯᠬᠤ ᠰᠢᠨ᠎ᠡ ᠡᠭᠦᠷᠭᠡᠯᠡᠯ︾᠎ ᠢᠶᠠᠷ ᠭᠤᠤᠯ ᠰᠡᠳᠦᠪ ᠪᠣᠯᠭᠠᠨ ᠪᠦᠬᠦᠯᠢ ᠴᠣᠭᠴᠠ ᠶᠢᠨ ᠠᠵᠢᠯ ᠤᠨ ᠬᠠᠷᠢᠭᠤ ᠮᠡᠳᠡᠭᠦᠯᠦᠯᠲᠡ ᠬᠢᠵᠦ᠂ ᠳᠠᠷᠠᠭ᠎ᠠ ᠨᠢ ᠰᠢᠨᠵᠢᠯᠡᠭᠡᠨ ᠤ ᠰᠠᠯᠠᠭᠠᠨ ᠤ ᠵᠢᠭᠠᠨ ᠰᠤᠳᠤᠯᠤᠭᠴᠢ ᠰᠢᠨᠵᠢᠯᠡᠭᠡᠨ ᠤ ᠰᠠᠯᠠᠭᠠᠨ ᠤ ᠵᠢᠭᠠᠨ ᠰᠤᠳᠤᠯᠬᠤ ᠬᠠᠷᠢᠭᠤ ᠮᠡᠳᠡᠭᠦᠯᠦᠯᠲᠡ ᠬᠢᠪᠠ᠃    ᠸᠠᠩ ᠵᠢᠤᠸᠠᠨ ᠱᠦᠵᠢ ᠵᠢᠭᠠᠵᠤ ᠭᠠᠷᠭᠠᠭᠰᠠᠨ ᠨᠢ᠂ ᠰᠤᠷᠭᠠᠨ ᠬᠥᠮᠦᠵᠢᠯ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠵᠢᠭᠠᠬᠤ ᠶᠢ ᠰᠤᠳᠤᠯᠤᠭᠴᠢ ᠪᠣᠯ ᠪᠠᠭᠰᠢ ᠶᠢᠨ ᠪᠠᠭᠰᠢ ᠮᠥᠨ᠂ ᠵᠢᠭᠠᠬᠤ ᠶᠢ ᠰᠤᠳᠤᠯᠤᠭᠴᠢ ᠶᠢ ᠰᠢᠯᠢᠨ ᠰᠣᠩᠭᠤᠬᠤ ᠵᠢᠴᠢ ᠴᠢᠳᠠᠪᠤᠷᠢ ᠶᠢ ᠳᠡᠭᠡᠭᠰᠢᠯᠡᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ ᠲᠡᠷᠡ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠤᠨ ᠤᠢᠢᠷ᠎ᠠ ᠶᠢᠨ ᠬᠤᠭᠤᠴᠠᠭᠠᠨ ᠳᠤ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠭᠰᠠᠨ ᠪᠥᠭᠡᠳ ᠭᠤᠷᠪᠠᠨ ᠲᠠᠯ᠎ᠠ ᠶᠢᠨ ᠱᠠᠭᠠᠷᠳᠠᠯᠭ᠎ᠠ ᠳᠤᠷᠠᠳᠴᠠᠢ᠃ ᠨᠢᠭᠡ ᠳᠤ᠂ ᠠᠮᠢᠳᠤᠯᠢᠭ ᠰᠠᠶᠢᠬᠠᠨ ᠪᠥᠭᠡᠳ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠨ ᠦᠷᠭᠦᠯᠵᠢᠯᠡᠨ ᠪᠠᠲᠤᠯᠠᠵᠤ᠂ ᠡᠯ᠎ᠡ ᠵᠦᠢᠯ ᠤᠨ ᠠᠵᠢᠯ ᠤᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠮᠥᠷᠲᠡᠭᠡᠨ ᠯᠠᠪᠳᠠᠭᠤᠨ ᠪᠠᠲᠤᠲᠠᠢ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠰᠤᠷᠭᠠᠭᠤᠯᠢ ᠶᠢᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠵᠤ᠂ ᠨᠠᠩ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠬᠤ ᠬᠡᠷᠡᠭᠲᠡᠶ᠃ ᠭᠤᠷᠪᠠ ᠳᠤ᠂ ᠪᠠᠭᠰᠢ ᠶᠢᠨ ᠲᠤᠰᠬᠠᠢ ᠮᠡᠷᠭᠡᠵᠢᠯ ᠤᠨ ᠪᠤᠶᠢᠵᠢᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠠᠨ ᠰᠤᠳᠤᠯᠬᠤ ᠠᠵᠢᠯ ᠤᠨ ᠰᠡᠳᠬᠢᠴᠡ ᠪᠣᠯᠤᠨ ᠠᠷᠭ᠎ᠠ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠪᠠᠭᠰᠢ ᠶᠢᠨ ᠲᠤᠰᠬᠠᠢ ᠮᠡᠷᠭᠡᠵᠢᠯ ᠤᠨ ᠬᠥᠭᠵᠢᠯᠲᠡ ᠳᠤ ᠬᠦᠴᠦᠲᠡᠢ ᠳᠡᠮᠵᠢᠯᠭᠡ ᠬᠠᠩᠭᠠᠬᠤ ᠬᠡᠷᠡᠭᠲᠡᠢ ᠭᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号