ᠵᠠᠰᠠᠭ ᠤᠨ ᠣᠷᠳᠣᠨ ᠤ ᠠᠯᠪᠠᠨ ᠮᠡᠳᠡᠭᠡ 2024 ᠣᠨ ᠤ 2 ᠳ᠋ᠤᠭᠠᠷ ᠬᠤᠭᠤᠴᠠᠭ᠎ᠠ ︵ᠶᠡᠷᠣᠩᠬᠡᠢ 18 ᠳ᠋ᠣᠭᠠᠷ ᠬᠤᠭᠤᠴᠠᠭ᠎ᠠ ᠬᠤᠣᠰ ᠰᠠᠷ᠎ᠠ ᠶᠢᠨ ᠰᠡᠳᠭᠦᠯ︶
ᠨᠡᠶᠢᠲᠡᠯᠡᠭᠰᠡᠨ ᠴᠠᠭ᠄
2024/8/6
    ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ 2024 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠤᠨ ᠭᠠᠷᠴᠠᠭ ᠢ ᠨᠡᠶᠢᠲᠡᠯᠡᠬᠦ ᠲᠤᠬᠠᠢ ᠮᠡᠳᠡᠭᠳᠡᠯᠬᠠᠶᠢᠷᠤᠪ ᠤᠨ ᠲᠣᠬᠤᠢ ᠵᠠᠰᠠᠭ ᠠᠯᠪᠠᠨ ᠲᠠᠷᠬᠠᠭᠠᠭᠰᠠᠨ ﹇2020﹈ 4 ᠳ᠋ᠦᠭᠡᠷ ᠲᠣᠭᠠᠲᠤᠴᠡᠭᠡᠯ ᠠᠭᠤᠯᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄    ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠵᠤ᠂ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠬᠢᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾᠎ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠲᠣᠭᠤᠷᠢᠭ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠢ ᠨᠡᠶᠢᠲᠡᠯᠡᠬᠦ ︵ᠳᠠᠭᠠᠯᠳᠤᠭᠤᠯᠤᠯ ᠳᠤ ᠨᠠᠷᠢᠨ ᠦᠵᠡ︶᠎ ᠶᠢ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ ᠨᠦᠭᠦᠳ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠤ ᠡᠷᠬᠡᠪᠰᠢ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠠᠰ ᠳᠠᠷᠠᠭᠠᠯᠠᠯ ᠨᠢ ᠵᠦᠶ ᠵᠣᠬᠢᠰᠲᠠᠶ᠂ ᠶᠠᠪᠤᠴᠠ ᠨᠢ ᠢᠯᠡ ᠲᠣᠳᠣ᠂ ᠬᠠᠷᠢᠭᠤᠴᠠᠯᠭ᠎ᠠ ᠨᠢ ᠲᠣᠳᠣᠷᠬᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠤᠶᠠᠷ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠰᠠᠯᠠᠭ᠎ᠠ ᠮᠥᠴᠢᠷ ᠤᠳ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠪᠣᠯᠤᠨ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠠᠬᠢ ᠪᠢᠴᠢᠭ ᠮᠠᠲ᠋ᠧᠷᠢᠶᠠᠯ ᠢ ᠴᠠᠭ ᠲᠤᠬᠠᠶ ᠳᠤᠨᠢ ᠡᠮᠬᠢᠯᠡᠵᠦ ᠳᠠᠩᠰᠠ ᠡᠪᠬᠡᠮᠡᠯ ᠳᠤ ᠣᠷᠣᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠪᠦᠬᠦ ᠶᠠᠪᠤᠴᠠ ᠶᠢᠨ ᠲᠡᠮᠳᠡᠭᠯᠡᠯ ᠬᠢᠵᠦ᠂ ᠵᠢᠷᠤᠭ ᠳᠦᠷᠰᠦᠲᠦ ᠮᠠᠲ᠋ᠧᠷᠢᠶᠠᠯ ᠢ ᠦᠯᠡᠳᠡᠭᠡᠬᠦ ᠬᠡᠷᠡᠭᠲᠡᠶ᠃    ᠭᠤᠷᠪᠠ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠯᠭᠠᠨ ᠬᠢᠨᠠᠬᠤ ᠳᠤ ᠣᠷᠣᠭᠤᠯᠵᠤ᠂ ᠭᠠᠷᠴᠠᠭ ᠤᠨ ᠨᠠᠷᠢᠨ ᠬᠠᠭᠤᠳᠠᠰᠤ ᠶᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠴᠠᠭ ᠲᠤᠬᠠᠢ ᠳᠤ ᠨᠢ ᠲᠣᠬᠢᠷᠠᠭᠤᠯᠤᠯᠲᠠ ᠬᠢᠨ᠎ᠡ᠃                         2024 ᠣᠨ ᠤ 4 ᠰᠠᠷ᠎ᠠ ᠶᠢᠨ 1᠎ ᠤ ᠡᠳᠦᠷ    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号