ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠰᠤᠷᠭᠠᠨ ᠬᠥᠮᠦᠵᠢᠯ ᠤᠨ ᠰᠢᠰᠲ᠋ᠧᠮ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/7
    ᠶᠡᠷᠦᠩᠬᠡᠶ ᠱᠦᠵᠢ ᠰᠢ ᠶᠢᠨ ᠫᠢᠩ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢ ᠪᠥᠬᠦ ᠲᠠᠯ᠎ᠠ ᠪᠠᠷ ᠲᠤᠭᠤᠰᠢᠯᠠᠭᠤᠯᠬᠤ ᠶᠢᠨ ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠵᠢᠴᠢ ᠬᠤᠲᠠ᠂ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 8 ᠰᠠᠷ᠎ᠠ ᠶᠢᠨ 1᠎ ᠤ ᠡᠳᠦᠷ᠂ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠨ ᠬᠥᠮᠦᠵᠢᠯ ᠤᠨ ᠰᠢᠰᠲ᠋ᠧᠮ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠤᠷᠠᠯ ᠬᠤᠷᠠᠯᠳᠤᠭᠤᠯᠪᠠ᠃ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠵᠢᠴᠢ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠤᠷᠠᠯ ᠳᠤ ᠣᠷᠣᠯᠴᠠᠪᠠ ᠃    ᠬᠤᠷᠠᠯ ᠳᠡᠭᠡᠷ᠎ᠡ ︽ᠲᠠᠪᠤᠨ ᠰᠠᠶᠢᠨᠲᠠᠶ︾ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠢ ᠡᠭᠦᠳᠦᠨ ᠪᠠᠶᠢᠭᠤᠯᠬᠤ ᠭᠦᠢᠴᠡᠳᠬᠡᠯ ᠲᠤᠭ᠎ᠠ ᠳᠤ ᠪᠦᠬᠦ ᠲᠠᠯ᠎ᠠ ᠪᠠᠷ ᠭᠦᠨᠵᠡᠭᠡᠶ ᠲᠠᠶᠢᠯᠤᠮᠵᠢ ᠬᠢᠭᠰᠡᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠤᠶᠢᠴᠢ ᠥᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ︽ᠲᠠᠪᠤᠨ ᠰᠠᠶᠢᠨᠲᠠᠶ︾ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠢ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠬᠠᠷᠭᠤᠭᠤᠯᠵᠤ᠂ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠪᠠᠨ ᠨᠠᠷᠢᠨ ᠬᠢᠨᠠᠮᠠᠭᠠᠶ ᠡᠷᠢᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠬᠡᠷᠡᠭᠵᠢᠭᠦᠯᠬᠦ ᠲᠥᠰᠦᠯ ᠢ ᠲᠣᠭᠲᠠᠭᠠᠬᠤ ᠬᠡᠷᠡᠭᠲᠡᠶ᠃ ᠡᠭᠦᠨ ᠤ ᠬᠠᠮᠲᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠪᠠ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠬᠦᠴᠦ ᠪᠠᠨ ᠬᠠᠮᠲᠤᠳᠬᠠᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃
       ᠬᠤᠷᠠᠯ ᠠᠴᠠ᠂ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠦᠨᠳᠦᠰᠦᠨ ᠱᠠᠲᠤᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠯᠤᠰ ᠲᠦᠷᠦ ᠶᠢᠨ ᠵᠣᠭᠰᠣᠴᠠ ᠪᠣᠯᠤᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ︽ᠲᠠᠪᠤᠨ ᠰᠠᠶᠢᠨᠲᠠᠶ︾ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠤᠨ ᠠᠵᠢᠯ ᠤᠨ ᠲᠦᠪᠰᠢᠨ ᠪᠣᠯᠤᠨ ᠦᠢᠯᠡᠴᠢᠯᠡᠭᠡᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠪᠠ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠤᠨ ᠡᠴᠦᠰ ᠲᠤ᠂ ᠬᠤᠷᠠᠯ ᠳᠤ ᠣᠷᠣᠯᠴᠠᠭᠰᠠᠨ ᠪᠦᠬᠦ ᠬᠥᠮᠦᠰ ᠬᠠᠮᠲᠤ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃ ᠰᠤᠳᠤᠯᠤᠨ ᠤᠩᠰᠢᠬᠤ ᠪᠠ ᠬᠥᠭᠵᠢᠶᠡᠨᠲᠡᠢ ᠶᠠᠷᠢᠯᠴᠠᠬᠤ ᠪᠠᠷ ᠳᠠᠮᠵᠢᠨ᠂ ᠤᠯᠠᠨ ᠢᠶᠠᠷ ᠢᠶᠠᠨ ᠪᠦᠬᠦᠳᠡ ᠬᠤᠷᠠᠯ ᠤᠨ ᠵᠣᠷᠢᠭ ᠰᠠᠨᠠᠭᠠᠨ ᠤ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠬᠤ ᠶᠢᠨ ᠬᠠᠮᠲᠤ ᠲᠤᠰ ᠲᠤᠰ ᠤᠨ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠪᠦᠲᠦᠮᠵᠢᠲᠡᠢ ᠲᠤᠤᠱᠯᠠᠭᠤᠯᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠢᠳᠡᠪᠬᠢᠲᠡᠢ ᠪᠠᠷ ᠶᠠᠷᠢᠶ᠎ᠠ ᠲᠠᠯᠪᠢᠪᠠ᠃ ᠲᠣᠰ ᠤᠳᠠᠭᠠᠨ ᠤ ᠰᠤᠷᠤᠯᠴᠠᠯᠭ᠎ᠠ ᠨᠢ ᠣᠯᠠᠨ ᠤ ᠪᠥᠬᠦᠳᠡ ᠬᠤᠷᠠᠯ ᠤᠨ ᠵᠣᠷᠢᠭ ᠰᠠᠨᠠᠭᠠᠨ ᠤ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠣᠯᠠᠨ ᠤ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号