ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠶᠡᠭᠡ ᠠᠩᠭᠢ  ᠲᠤᠰᠬᠠᠢ  ᠪᠠᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2024/9/11
    ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠵᠢᠷᠤᠮᠵᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠦᠨᠡᠨ ᠬᠦ ᠬᠠᠮᠠᠭᠠᠯᠠᠵᠤ᠂ ᠰᠤᠷᠭᠠᠭᠤᠯᠢ ᠡᠬᠢᠯᠡᠬᠦ ᠤᠯᠠᠷᠢᠯ ᠤᠨ ᠬᠠᠶᠢᠷᠤᠪ ᠤᠨ ᠲᠣᠬᠤᠶ ᠲᠣᠭᠤᠷᠢᠭ ᠤᠨ ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 8 ᠰᠠᠷ᠎ᠠ ᠶᠢᠨ 26᠎ ᠤ ᠡᠳᠦᠷ ᠠᠴᠠ 29᠎ ᠤ ᠡᠳᠦᠷ ᠪᠣᠯᠲᠠᠯ᠎ᠠ᠂ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠶᠡᠭᠡ ᠠᠩᠭᠢ ᠬᠠᠶᠢᠷᠤᠪ ᠤᠨ ᠲᠣᠬᠤᠶ ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠨᠣᠮ ᠤᠨ ᠳᠡᠯᠭᠡᠭᠦᠷ᠂ ᠪᠢᠴᠢᠭ ᠤᠨ ᠬᠡᠷᠡᠭᠰᠡᠯ ᠤᠨ ᠳᠡᠯᠭᠡᠭᠦᠷ ᠵᠡᠷᠭᠡ ᠲᠠᠯᠠᠪᠤᠷ ᠲᠤ ᠬᠤᠤᠷ ᠬᠥᠨᠥᠭᠡᠯ ᠲᠠᠢ ᠬᠡᠪᠯᠡᠭᠳᠡᠬᠦᠨ ᠤ ᠲᠤᠰᠬᠠᠶ ᠪᠠᠶᠢᠴᠠᠭᠠᠯᠲᠠ ᠥᠷᠨᠢᠭᠦᠯᠵᠦ᠂ ᠰᠤᠷᠭᠠᠭᠤᠯᠢ ᠡᠬᠢᠯᠡᠬᠦ ᠤᠯᠠᠷᠢᠯ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃
   640.jpg
    ᠬᠠᠤᠯᠢ ᠬᠡᠷᠡᠭᠵᠢᠭᠦᠯᠬᠦ ᠠᠵᠢᠯᠲᠠᠨ ᠬᠠᠷᠢᠶ᠎ᠠ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠨᠣᠮ ᠤᠨ ᠳᠡᠯᠭᠡᠭᠦᠷ᠂ ᠪᠢᠴᠢᠭ ᠤᠨ ᠬᠡᠷᠡᠭᠰᠡᠯ ᠤᠨ ᠳᠡᠯᠭᠡᠭᠦᠷ᠂ ᠳᠡᠯᠭᠡᠭᠦᠷ ᠵᠡᠷᠭᠡ ᠲᠠᠯᠠᠪᠤᠷ ᠢᠶᠠᠷ ᠭᠤᠤᠯᠳᠠᠯᠭ᠎ᠠ ᠪᠣᠯᠭᠠᠵᠤ᠂ ᠡᠯ᠎ᠡ ᠡᠵᠡᠩᠨᠡᠯᠲᠡ ᠶᠢᠨ ᠲᠠᠯᠠᠪᠤᠷ ᠤᠨ ᠭᠡᠷᠡᠴᠢ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠪᠠᠷᠠᠭ᠎ᠠ ᠣᠷᠣᠭᠤᠯᠬᠤ ᠠᠷᠭ᠎ᠠ ᠵᠠᠮ ᠨᠢ ᠬᠠᠤᠯᠢ ᠲᠣᠭᠲᠠᠭᠠᠯ ᠳᠤ ᠨᠡᠶᠢᠴᠡᠬᠦ ᠡᠰᠡᠬᠦ᠂ ᠡᠷᠬᠡ ᠳᠤ ᠬᠠᠯᠳᠠᠵᠤ ᠬᠤᠯᠠᠭᠠᠶᠢᠯᠠᠨ ᠬᠡᠪᠯᠡᠭᠰᠡᠨ ᠬᠡᠪᠯᠡᠯ᠂ ᠬᠠᠤᠯᠢ ᠪᠤᠰᠤ ᠵᠢᠭᠠᠨ ᠰᠤᠷᠭᠠᠯᠲᠠ ᠶᠢᠨ ᠬᠠᠪᠰᠤᠷᠤᠨ ᠵᠢᠭᠠᠬᠤ ᠮᠠᠲ᠋ᠧᠷᠢᠶᠠᠯ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠬᠤᠤᠷ ᠬᠥᠨᠥᠭᠡᠯ ᠤᠴᠠᠷᠠᠭᠤᠯᠬᠤ ᠬᠦᠴᠦᠷᠬᠡᠭᠯᠡᠯ᠂ ᠮᠤᠬᠤᠷ ᠰᠦᠰᠦᠭ ᠵᠡᠷᠭᠡ ᠬᠠᠤᠯᠢ ᠪᠤᠰᠤ ᠬᠡᠪᠯᠡᠭᠳᠡᠬᠦᠨ ᠢ ᠨᠠᠷᠢᠨ ᠨᠢᠮᠪᠠᠶ ᠪᠠᠶᠢᠴᠠᠭᠠᠨ ᠰᠢᠯᠭᠠᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠡᠪᠯᠡᠬᠦ ᠦᠢᠯᠡᠳᠪᠦᠷᠢ ᠳᠤ ᠬᠠᠤᠯᠢ ᠪᠤᠰᠤ ᠬᠤᠤᠷ ᠬᠥᠨᠥᠭᠡᠯ ᠲᠠᠢ ᠠᠭᠤᠯᠭ᠎ᠠ᠂ ᠬᠤᠯᠠᠭᠠᠶᠢᠯᠠᠵᠤ ᠳᠠᠷᠤᠮᠠᠯᠯᠠᠭᠰᠠᠨ ᠵᠢᠭᠠᠨ ᠰᠤᠷᠭᠠᠯᠲᠠ ᠶᠢᠨ ᠬᠠᠪᠰᠤᠷᠤᠨ ᠵᠢᠯᠣᠭᠤᠳᠬᠤ ᠮᠠᠲ᠋ᠧᠷᠢᠶᠠᠯ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠡᠰᠡᠬᠦ ᠶᠢ ᠪᠠᠶᠢᠴᠠᠭᠠᠬᠤ ᠶᠢᠨ ᠬᠠᠮᠲᠤ ᠳᠡᠯᠭᠡᠭᠦᠷ ᠲᠤ ᠬᠤᠤᠷ ᠬᠥᠨᠥᠭᠡᠯ ᠲᠠᠢ ᠠᠭᠤᠯᠭ᠎ᠠ ᠪᠦᠬᠦᠢ ᠬᠡᠪᠯᠡᠭᠳᠡᠬᠦᠨ᠂ ᠪᠢᠴᠢᠭ ᠤᠨ ᠬᠡᠷᠡᠭᠰᠡᠯ᠂ ᠲᠣᠭᠯᠠᠭᠠᠮ ᠤᠨ ᠵᠦᠢᠯ ᠪᠠᠶᠢᠬᠤ ᠡᠰᠡᠬᠦ ᠶᠢ ᠪᠠᠶᠢᠴᠠᠭᠠᠪᠠ᠃
640 (1).jpg   
    ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠯᠲᠡ ᠶᠢᠨ ᠲᠠᠯᠠᠪᠤᠷ ᠭᠠᠵᠠᠷ ᠲᠤ ᠭᠡᠷᠡᠴᠢ ᠦᠨᠡᠮᠯᠡᠯ ᠢ ᠬᠡᠷᠡᠮ ᠳᠤ ᠭᠠᠷᠭᠠᠵᠤ ᠳᠡᠶᠢᠯᠦᠭᠰᠡᠨ ᠥᠬᠡᠶ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠭᠰᠡᠨ ᠵᠡᠷᠭᠡ 2 ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠪᠠ᠃ ᠠᠵᠢᠯᠯᠠᠭ᠎ᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠯᠲᠡ ᠶᠢᠨ ᠥᠮᠴᠢᠲᠡᠨ ᠳᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠡᠵᠡᠩᠨᠡᠭᠴᠢ ᠶᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠤᠬᠠᠮᠰᠠᠷ ᠢᠶᠠᠨ ᠴᠢᠩᠭᠠᠳᠬᠠᠵᠤ᠂ ᠬᠠᠤᠯᠢ ᠶᠢ ᠰᠠᠬᠢᠵᠤ ᠡᠵᠡᠩᠨᠡᠬᠦ᠂ ᠠᠮᠤᠷ ᠲᠦᠪᠰᠢᠨ ᠢᠶᠠᠷ ᠡᠵᠡᠩᠨᠡᠬᠦ᠂ ᠪᠣᠯᠪᠠᠰᠤᠨ ᠢᠶᠠᠷ ᠡᠵᠡᠩᠨᠡᠬᠦ ᠶᠢ ᠪᠡᠶᠡᠯᠡᠭᠦᠯᠵᠦ᠂ ᠡᠯ᠎ᠡ ᠲᠥᠷᠥᠯ ᠤᠨ ᠬᠠᠤᠯᠢ ᠪᠤᠰᠤ ᠬᠡᠪᠯᠡᠭᠳᠡᠬᠦᠨ ᠪᠠ ᠬᠤᠤᠷ ᠬᠥᠨᠥᠭᠡᠯ ᠲᠠᠢ ᠮᠡᠳᠡᠭᠡ ᠵᠠᠩᠭᠢ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃
640 (2).jpg   
    ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ ᠵᠠᠬ᠎ᠠ ᠳᠡᠯᠭᠡᠭᠦᠷ ᠢ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠲᠤᠰᠬᠠᠢ ᠴᠡᠭᠴᠡᠯᠡᠨ ᠵᠠᠰᠠᠬᠤ ᠪᠠ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠰᠣᠶᠣᠯ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号