ᠰᠢ ᠶᠢᠨ ᠫᠢᠩ ᠰᠣᠯᠣᠩᠭᠤᠰ ᠤᠨ ᠤᠯᠤᠰ ᠪᠠᠶᠢᠭᠤᠯᠤᠭᠳᠠᠭᠰᠠᠨ 76 ᠵᠢᠯ ᠤᠨ ᠣᠢ ᠳᠤ ᠵᠣᠷᠢᠭᠤᠯᠤᠨ ᠰᠣᠯᠣᠩᠭᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠥᠨ ᠶᠢᠨ ᠵᠧᠩ ᠧᠨ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/9/11
    ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 9᠎ ᠤ ᠴᠠᠬᠢᠯᠭᠠᠨ ᠮᠡᠳᠡᠭᠡ 9 ᠰᠠᠷ᠎ᠠ ᠶᠢᠨ 9᠎ ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠣᠯᠣᠩᠭᠤᠰ ᠤᠨ ᠤᠯᠤᠰ ᠪᠠᠶᠢᠭᠤᠯᠤᠭᠳᠠᠭᠰᠠᠨ 76 ᠵᠢᠯ ᠤᠨ ᠣᠢ ᠳᠤ ᠵᠣᠷᠢᠭᠤᠯᠤᠨ ᠰᠣᠯᠣᠩᠭᠤᠰ ᠤᠨ ᠬᠥᠳᠡᠯᠮᠦᠷᠢᠴᠢᠨ ᠤ ᠨᠠᠮ ᠤᠨ ᠶᠡᠷᠦᠩᠬᠡᠢ ᠱᠦᠵᠢ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠷᠢᠶᠠᠨ ᠳᠠᠷᠤᠭ᠎ᠠ ᠶᠢᠨ ᠵᠧᠩ ᠧᠨ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃    ᠰᠢ ᠶᠢᠨ ᠫᠢᠩ᠂ 76 ᠵᠢᠯ ᠤᠨ ᠲᠤᠷᠰᠢ᠂ ᠰᠣᠯᠣᠩᠭᠤᠰ ᠤᠨ ᠬᠥᠳᠡᠯᠮᠦᠷᠢᠴᠢᠨ ᠤ ᠨᠠᠮ ᠤᠨ ᠤᠳᠤᠷᠢᠳᠤᠯᠭ᠎ᠠ ᠳᠣᠣᠷ᠎ᠠ᠂ ᠰᠣᠯᠣᠩᠭᠤᠰ ᠤᠨ ᠠᠷᠠᠳ ᠲᠦᠮᠡᠨ ᠪᠦᠯᠬᠦᠮᠳᠡᠨ ᠨᠢᠭᠡᠳᠴᠦ᠂ ᠤᠯᠤᠰ ᠤᠨ ᠡᠯ᠎ᠡ ᠵᠦᠢᠯ ᠤᠨ ᠠᠵᠢᠯ ᠦᠢᠯᠡᠰ ᠤᠨ ᠥᠷᠨᠢᠨ ᠬᠥᠭᠵᠢᠬᠦ ᠶᠢ ᠠᠬᠢᠭᠤᠯᠪᠠ᠃ ᠣᠶᠢᠷ᠎ᠠ ᠶᠢᠨ ᠵᠢᠯ ᠠᠴᠠ᠂ ᠶᠡᠷᠦᠩᠬᠡᠢ ᠱᠦᠵᠢ ᠨᠥᠬᠦᠷ ᠰᠣᠯᠣᠩᠭᠤᠰ ᠤᠨ ᠨᠠᠮ ᠪᠠ ᠠᠷᠠᠳ ᠲᠦᠮᠡᠨ ᠢ ᠳᠠᠭᠠᠭᠤᠯᠤᠨ᠂ ᠰᠣᠯᠣᠩᠭᠤᠰ ᠤᠨ ᠨᠠᠮ ᠤᠨ ᠨᠠᠢᠮᠠᠳᠤᠭᠠᠷ ᠶᠡᠭᠡ ᠬᠤᠷᠠᠯ ᠵᠢᠴᠢ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠢ ᠣᠯᠠᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠠᠮᠵᠢᠯᠲᠠ ᠪᠦᠲᠦᠮᠵᠢ ᠣᠯᠪᠠ᠃ ᠶᠡᠷᠦᠩᠬᠡᠢ ᠱᠦᠵᠢ ᠨᠥᠬᠦᠷ ᠢᠶᠠᠷ ᠲᠦᠷᠦᠭᠦᠯᠡᠭᠦᠯᠦᠭᠰᠡᠨ ᠰᠣᠯᠣᠩᠭᠤᠰ ᠤᠨ ᠬᠥᠳᠡᠯᠮᠦᠷᠢᠴᠢᠨ ᠤ ᠨᠠᠮ ᠤᠨ ᠤᠳᠤᠷᠢᠳᠤᠯᠭ᠎ᠠ ᠳᠣᠣᠷ᠎ᠠ᠂ ᠰᠣᠯᠣᠩᠭᠤᠰ ᠤᠨ ᠠᠷᠠᠳ ᠲᠦᠮᠡᠨ ᠯᠠᠪᠲᠠᠢ ᠰᠣᠯᠣᠩᠭᠤᠰ ᠮᠠᠶ᠋ᠢᠭ ᠤᠨ ᠨᠡᠶᠢᠭᠡᠮ ᠵᠢᠷᠤᠮ ᠤᠨ ᠦᠢᠯᠡᠰ ᠢ ᠠᠬᠢᠭᠤᠯᠬᠤ ᠠᠶᠠᠨ ᠳᠤ ᠲᠠᠰᠤᠷᠠᠯᠲᠠ ᠦᠭᠡᠢ ᠨᠡᠩ ᠶᠡᠭᠡ ᠰᠢᠨ᠎ᠡ ᠢᠯᠠᠯᠲᠠ ᠶᠢ ᠲᠡᠮᠡᠴᠡᠨ ᠣᠯᠵᠤ ᠴᠢᠳᠠᠨ᠎ᠠ ᠭᠡᠳᠡᠭ ᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠳᠤᠮᠳᠠᠳᠤ ᠰᠣᠯᠣᠩᠭᠤᠰ ᠬᠤᠶᠠᠷ ᠤᠯᠤᠰ ᠠᠭᠤᠯᠠ ᠤᠰᠤ ᠪᠠᠷ ᠢᠶᠠᠨ ᠵᠠᠯᠭᠠᠯᠳᠤᠵᠤ᠂ ᠤᠯᠠᠮᠵᠢᠯᠠᠯᠲᠤ ᠨᠥᠬᠦᠷᠯᠡᠯ ᠶᠠᠪᠤᠬᠤ ᠲᠤᠲᠤᠮ ᠪᠠᠬᠢᠵᠢᠪᠡ᠃ ᠡᠨᠡ ᠵᠢᠯ ᠪᠣᠯ ᠳᠤᠮᠳᠠᠳᠤ ᠰᠣᠯᠣᠩᠭᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠢ ᠵᠢᠴᠢ ︽ᠳᠤᠮᠳᠠᠳᠤ ᠰᠣᠯᠣᠩᠭᠤᠰ ᠤᠨ ᠨᠥᠬᠦᠷᠯᠡᠯ ᠤᠨ ᠣᠨ︾ ᠪᠣᠯᠣᠨ᠎ᠠ᠃ ᠰᠢᠨ᠎ᠡ ᠴᠠᠭ ᠦᠶ᠎ᠡ ᠰᠢᠨ᠎ᠡ ᠪᠠᠶᠢᠳᠠᠯ ᠳᠣᠣᠷ᠎ᠠ᠂ ᠳᠤᠮᠳᠠᠳᠤ ᠤᠯᠤᠰ ᠦᠷᠭᠦᠯᠵᠢᠯᠡᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠬᠡᠳᠦ ᠶᠢᠨ ᠬᠠᠷᠠᠭᠠᠰᠤ ᠠᠴᠠ ᠳᠤᠮᠳᠠᠳᠤ ᠰᠣᠯᠣᠩᠭᠤᠰ ᠤᠨ ᠬᠠᠷᠢᠯᠴᠠᠭ᠎ᠠ ᠳᠤ ᠬᠠᠨᠳᠤᠵᠤ᠂ ᠳᠤᠷᠠᠲᠠᠶ᠎ᠠ ᠰᠣᠯᠣᠩᠭᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠭᠦᠨᠵᠡᠭᠡᠶᠢᠷᠡᠭᠦᠯᠵᠦ᠂ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠰᠣᠯᠣᠩᠭᠤᠰ ᠤᠨ ᠤᠯᠠᠮᠵᠢᠯᠠᠯᠲᠤ ᠨᠥᠬᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠶᠢ ᠰᠠᠶᠢᠲᠤᠷ ᠬᠠᠮᠠᠭᠠᠯᠠᠵᠤ᠂ ᠰᠠᠶᠢᠲᠤᠷ ᠪᠠᠬᠢᠵᠢᠭᠦᠯᠵᠦ᠂ ᠰᠠᠶᠢᠲᠤᠷ ᠬᠥᠭᠵᠢᠭᠦᠯᠵᠦ᠂ ᠨᠡᠶᠢᠭᠡᠮ ᠵᠢᠷᠤᠮ ᠤᠨ ᠦᠢᠯᠡᠰ ᠢ ᠬᠠᠮᠲᠤ ᠪᠠᠷ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠣᠯᠠᠨ ᠠᠵᠠ ᠵᠢᠷᠭᠠᠯ ᠠᠪᠴᠢᠷᠠᠨ ᠥᠭᠴᠦ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃    ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ    
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号