ᠰᠦᠨ ᠬᠤᠤ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/12
    2024 ᠣᠨ ᠤ 9 ᠰᠠᠷ᠎ᠠ ᠶᠢᠨ 10᠎ ᠤ ᠡᠳᠦᠷ᠂ 40 ᠳ᠋ᠦ᠋ᠭᠡᠷ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠨᠢᠭᠡᠳᠦᠭᠡᠷ ᠹᠷᠣᠨᠲ ᠲᠤ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠪᠠᠭᠰᠢ ᠶᠢᠨ ᠲᠥᠯᠥᠭᠡᠯᠡᠭᠴᠢ ᠶᠢ ᠪᠣᠯᠭᠤᠭᠠᠨ ᠲᠣᠬᠤᠨᠢᠭᠤᠯᠵᠤ᠂ ᠪᠦᠬᠦ ᠲᠤᠭᠤᠷᠢᠭ ᠤᠨ ᠥᠷᠭᠡᠨ ᠤᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠴᠢᠩ ᠰᠡᠳᠬᠢᠯ ᠤᠨ ᠵᠥᠩᠨᠡᠯ ᠳᠡᠪᠰᠢᠭᠦᠯᠪᠡ᠃
640.jpg   
    ᠰᠦᠨ ᠬᠤᠤ ᠤᠷᠢᠳ ᠬᠤᠵᠢᠳ ᠴᠧᠨ ᠢᠦᠢ ᠮᠧᠢ ᠪᠠᠭᠰᠢ ᠪᠣᠯᠤᠨ ᠵᠧᠩ ᠯᠠᠨ ᠱᠤᠸᠠᠨ ᠪᠠᠭᠰᠢ ᠶᠢᠨ ᠭᠡᠷ ᠲᠤ ᠬᠦᠷᠴᠦ᠂ ᠨᠢᠭᠡᠳᠦᠭᠡᠷ ᠹᠷᠣᠨᠲ ᠤᠨ ᠪᠠᠭᠰᠢ ᠠᠵᠢᠯᠳᠠᠨ ᠤ ᠠᠵᠢᠯ ᠠᠮᠢᠳᠤᠷᠠᠯ ᠤᠨ ᠪᠠᠶᠢᠳᠠᠯ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠠᠶᠢᠳᠠᠯ ᠵᠡᠷᠭᠡ ᠶᠢ ᠨᠠᠷᠢᠨ ᠣᠶᠢᠯᠠᠭᠠᠵᠤ᠂ ᠲᠡᠳᠡᠨ ᠤ ᠤᠷᠳᠤ ᠬᠤᠭᠤᠴᠠᠭᠠᠨ ᠤ ᠲᠤᠷᠰᠢ ᠵᠢᠭᠠᠨ ᠰᠤᠷᠭᠠᠯᠲᠠ ᠶᠢᠨ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃
640 (1).jpg   
    ᠰᠦᠨ ᠬᠤᠤ᠂ ᠰᠤᠷᠭᠠᠨ ᠬᠥᠮᠦᠵᠢᠯ ᠪᠣᠯ ᠤᠯᠤᠰ ᠪᠣᠯᠤᠨ ᠦᠨᠳᠦᠰᠦᠲᠡᠨ ᠤ ᠬᠥᠭᠵᠢᠯᠲᠡ ᠶᠢᠨ ᠰᠠᠭᠤᠷᠢ ᠪᠣᠯᠬᠤ ᠪᠠᠷ ᠪᠠᠷᠠᠬᠤ ᠦᠭᠡᠢ᠂ ᠪᠠᠰᠠ ᠴᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ᠂ ᠨᠠᠷᠠᠲᠤ ᠰᠢᠯᠢᠳᠡᠭ ᠭᠤᠣᠯᠯᠠᠭᠴᠢ ᠪᠠᠭᠰᠢ ᠶᠢᠨ ᠤᠯᠠᠮᠵᠢᠯᠠᠬᠤ ᠬᠠᠪᠰᠤᠷᠬᠤ ᠳᠠᠭᠠᠭᠤᠯᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠰᠠᠶᠢᠨ ᠰᠠᠶᠢᠬᠠᠨ ᠠᠵᠢᠯ ᠮᠡᠷᠭᠡᠵᠢᠯ ᠤᠨ ᠬᠡᠪ ᠪᠣᠯᠪᠠᠰᠤᠷᠠᠯ᠂ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ᠂ ᠲᠡᠷᠢᠭᠦᠨ ᠤ ᠵᠢᠭᠠᠨ ᠰᠤᠷᠭᠠᠯᠲᠠ ᠶᠢᠨ ᠠᠷᠭ᠎ᠠ ᠶᠢ ᠵᠠᠯᠠᠭᠤ ᠪᠠᠭᠰᠢ ᠳᠤ ᠤᠯᠠᠮᠵᠢᠯᠠᠵᠤ᠂ ᠲᠡᠳᠡᠨ ᠢ ᠬᠠᠪᠰᠤᠷᠤᠨ ᠲᠦᠷᠭᠡᠨ ᠪᠤᠶᠢᠵᠢᠭᠤᠯᠵᠤ᠂ ᠪᠠᠭᠰᠢ ᠶᠢᠨ ᠡᠩᠨᠡᠭᠡ ᠶᠢ ᠡᠮᠬᠢ ᠵᠢᠷᠤᠮ ᠲᠠᠢ᠂ ᠰᠠᠶᠢᠨ ᠣᠷᠴᠢᠯ ᠲᠠᠢ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠥᠬᠦ ᠪᠠᠭᠰᠢ ᠨᠠᠷ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠰᠢᠨ᠎ᠡ ᠴᠠᠭ ᠦᠶ᠎ᠡ ᠶᠢᠨ ᠵᠢᠭᠠᠨ ᠰᠤᠷᠭᠠᠯᠲᠠ ᠶᠢᠨ ᠱᠠᠭᠠᠷᠳᠠᠯᠭ᠎ᠠ ᠳᠤ ᠢᠳᠡᠪᠬᠢᠲᠡᠶ ᠵᠣᠬᠢᠴᠠᠵᠤ᠂ ᠵᠢᠭᠠᠨ ᠰᠤᠷᠭᠠᠯᠲᠠ ᠶᠢᠨ ᠠᠷᠭ᠎ᠠ ᠶᠢᠨ ᠰᠢᠨ᠎ᠡ ᠶᠢ ᠲᠠᠰᠤᠷᠠᠯᠲᠠ ᠥᠬᠡᠶ ᠡᠭᠦᠳᠴᠦ᠂ ᠪᠢᠴᠢᠭ ᠵᠢᠭᠠᠵᠤ ᠬᠥᠮᠦᠨ ᠬᠥᠮᠦᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠨᠠᠩ ᠴᠢᠩᠭ᠎ᠠ ᠨᠢᠮᠪᠠᠶ ᠣᠪᠣᠷ ᠢᠶᠠᠷ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ ᠣᠷᠣᠯᠴᠠᠵᠤ᠂ ᠰᠤᠷᠤᠭᠴᠢᠳ ᠤᠨ ᠦᠰᠦᠨ ᠪᠤᠶᠢᠵᠢᠯᠲᠠ ᠪᠠ ᠬᠥᠭᠵᠢᠯᠲᠡ ᠳᠤ ᠨᠠᠩ ᠰᠠᠶᠢᠨ ᠨᠥᠬᠦᠴᠡᠯ ᠡᠭᠦᠳᠴᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠳᠤᠮᠳᠠ ᠶᠡᠭᠡ ᠪᠠᠷ ᠬᠡᠷᠡᠭᠯᠡᠵᠦ ᠪᠣᠯᠬᠤ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠨᠠᠩ ᠣᠯᠠᠨ ᠴᠢᠳᠠᠪᠤᠷᠢᠲᠠᠨ ᠢ ᠴᠢᠷᠮᠠᠶᠢᠨ ᠬᠥᠮᠦᠵᠢᠭᠦᠯᠬᠦ ᠬᠡᠷᠡᠭᠲᠡᠶ ᠭᠡᠵᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号