ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠤᠨ ᠬᠠᠮᠢᠶ᠎ᠠ ᠪᠦᠬᠦᠢ ᠠᠭᠤᠯᠭ᠎ᠠ ᠶᠢ ᠵᠣᠬᠢᠶᠠᠨ ᠪᠠᠶᠢᠭᠤᠯᠵᠤ ᠰᠤᠷᠤᠯᠴᠠᠪᠠ
ᠨᠡᠶᠢᠲᠡᠯᠡᠭᠰᠡᠨ ᠴᠠᠭ᠄
2024/9/13
    ᠮᠠᠨ ᠤ ᠪᠠᠶᠢᠭᠤᠯᠤᠯᠭ᠎ᠠ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠨᠢᠭᠡᠴᠡ ᠶᠢᠨ ᠳᠣᠲᠣᠭᠠᠳᠤ ᠠᠵᠢᠯᠲᠠᠨ ᠤ ᠶᠠᠪᠤᠳᠠᠯ ᠤᠨ ᠬᠠᠷᠢᠴᠠᠭ᠎ᠠ ᠶᠢᠨ ᠲᠣᠭᠲᠠᠭᠤᠨ ᠪᠥᠭᠡᠳ ᠡᠶ᠎ᠡ ᠵᠣᠬᠢᠴᠠᠯ ᠲᠠᠢ ᠪᠠᠶᠢᠬᠤ ᠶᠢ ᠪᠠᠲᠤᠯᠠᠨ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ 9 ᠰᠠᠷ᠎ᠠ ᠶᠢᠨ 9᠎ ᠤ ᠡᠳᠦᠷ᠂ ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠦᠷᠢᠮ ᠢ ᠵᠣᠬᠢᠶᠠᠨ ᠪᠠᠶᠢᠭᠤᠯᠤᠨ ᠰᠤᠷᠤᠯᠴᠠᠵᠤ᠂ ᠵᠡᠭᠡᠯᠢ ᠭᠤᠳᠤᠮᠵᠢ ᠶᠢᠨ ᠪᠥᠬᠦ ᠬᠥᠮᠦᠰ ᠰᠤᠷᠤᠯᠴᠠᠯᠭ᠎ᠠ ᠳᠤ ᠣᠷᠣᠯᠴᠠᠪᠠ᠃
37949_700x700.png   
    ᠰᠤᠷᠤᠯᠴᠠᠬᠤ ᠶᠠᠪᠤᠴᠠ ᠳᠤ᠂ ︽ᠡᠪᠡᠳᠴᠢᠨ ᠤ ᠴᠢᠯᠥᠭᠡ ᠪᠠ ᠬᠡᠷᠡᠭ ᠤᠨ ᠴᠢᠯᠤᠭᠡᠨ ᠤ ᠴᠠᠯᠢᠩ ᠤᠨ ᠬᠠᠷᠠᠭᠠᠯᠵᠠᠯ ᠢ ᠬᠢᠨᠠᠨ ᠵᠥᠪᠰᠢᠶᠡᠷᠡᠬᠦ︾ ᠲᠤᠬᠠᠶ ᠭᠦᠨᠵᠡᠭᠡᠶ ᠲᠠᠶᠢᠯᠤᠮᠵᠢ ᠬᠢᠵᠦ᠂  ᠡᠪᠡᠳᠴᠢᠨ ᠤ ᠴᠢᠯᠥᠭᠡ ᠪᠠ ᠬᠡᠷᠡᠭ ᠤᠨ ᠴᠢᠯᠤᠭᠡᠨ ᠤ ᠴᠠᠯᠢᠩ ᠤᠨ ᠬᠠᠷᠠᠭᠠᠯᠵᠠᠯ ᠢ ᠬᠢᠨᠠᠨ ᠵᠥᠪᠰᠢᠶᠡᠷᠡᠬᠦ ᠲᠦᠷᠢᠮ ᠪᠣᠯ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠲᠡᠷᠡ ᠨᠢ ᠲᠣᠰ ᠪᠡᠶ᠎ᠡ ᠶᠢᠨ ᠠᠰᠠᠷᠠᠮᠵᠢ ᠪᠠ ᠡᠷᠬᠡ ᠠᠰᠢᠭ ᠲᠠᠢ ᠰᠢᠭᠤᠳ ᠬᠤᠯᠪᠣᠭᠳᠠᠵᠤ ᠪᠠᠶᠢᠳᠠᠭ᠃ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠰᠤᠷᠤᠯᠴᠠᠬᠤ ᠪᠠᠷ ᠳᠠᠮᠵᠢᠨ᠂ ᠬᠤᠪᠢ ᠬᠥᠮᠦᠨ ᠤ ᠡᠪᠡᠳᠴᠢᠨ ᠤ ᠴᠢᠯᠥᠭᠡ ᠪᠠ ᠬᠡᠷᠡᠭ ᠤᠨ ᠴᠢᠯᠥᠭᠡᠨ ᠤ ᠬᠤᠭᠤᠴᠠᠭᠠᠨ ᠳᠠᠬᠢ ᠡᠷᠬᠡ ᠠᠰᠢᠭ ᠤᠨ ᠪᠠᠲᠤᠯᠠᠭ᠎ᠠ ᠵᠢᠴᠢ ᠪᠠᠶᠢᠭᠤᠯᠤᠯᠭ᠎ᠠ ᠨᠢᠭᠡᠴᠡ ᠶᠢᠨ ᠡᠳᠡᠭᠡᠷ ᠠᠮᠠᠷᠠᠯᠲᠠ ᠶᠢᠨ ᠬᠤᠭᠤᠴᠠᠭ᠎ᠠ ᠶᠢ ᠬᠠᠮᠢᠶᠠᠷᠬᠤ ᠳᠠᠭᠠᠨ ᠵᠢᠷᠤᠮᠯᠠᠬᠤ ᠶᠣᠰᠣᠲᠠᠶ ᠲᠣᠭᠲᠠᠭᠠᠯ ᠢ ᠨᠡᠩ ᠰᠠᠶᠢᠨ ᠣᠶᠢᠯᠠᠭᠠᠵᠤ ᠪᠣᠯᠣᠨ᠎ᠠ᠃ ᠡᠨᠡ ᠨᠢ ᠠᠵᠢᠯᠲᠠᠳ ᠤᠨ ᠡᠷᠡᠭᠦᠯ ᠮᠡᠨᠳᠦ᠂ ᠭᠡᠷ ᠪᠦᠯᠢ ᠪᠠ ᠬᠤᠪᠢ ᠬᠥᠮᠦᠨ ᠤ ᠬᠡᠷᠡᠭ ᠶᠠᠪᠤᠳᠠᠯ ᠢ ᠰᠢᠢᠳᠪᠦᠷᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠪᠥᠭᠡᠳ ᠠᠵᠢᠯᠲᠠᠳ ᠤᠨ ᠠᠵᠢᠯ ᠤᠨ ᠳᠤᠮᠳᠠᠬᠢ ᠢᠳᠡᠪᠬᠢᠵᠢᠯ ᠪᠠ ᠠᠵᠢᠯ ᠤᠨ ᠦᠷ᠎ᠡ ᠪᠦᠲᠦᠮᠵᠢ ᠶᠢ ᠦᠨᠡᠨ ᠬᠦ ᠪᠠᠲᠤᠯᠠᠭᠰᠠᠨ ᠪᠠᠶᠢᠨ᠎ᠠ᠃
37950_700x700.png   
    ᠡᠭᠦᠨ ᠠᠴᠠ ᠭᠠᠳᠠᠨ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠢ ᠰᠤᠷᠤᠯᠴᠠᠬᠤ ᠨᠢ ᠪᠠᠰᠠ ᠬᠠᠮᠢᠶᠠᠷᠤᠯᠲᠠ ᠶᠢᠨ ᠶᠠᠪᠤᠴᠠ ᠶᠢ ᠰᠢᠯᠢᠳᠡᠭᠵᠢᠭᠦᠯᠬᠦ᠂ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠴᠢᠬᠤᠯᠠ ᠪᠤᠰᠤ ᠵᠠᠰᠠᠭ ᠵᠠᠬᠢᠷᠭᠠᠨ ᠤ ᠳᠠᠷᠤᠭᠠᠰᠤ ᠶᠢ ᠪᠠᠭᠠᠰᠬᠠᠬᠤ ᠳᠤ ᠠᠰᠢᠭᠲᠠᠶ ᠪᠥᠭᠡᠳ ᠬᠠᠮᠢᠶᠠᠷᠤᠯᠲᠠ ᠶᠢᠨ ᠲᠥᠪ ᠭᠤᠤᠯᠴᠢ ᠴᠢᠨᠠᠷ ᠢ ᠦᠨᠡᠨ ᠬᠦ ᠪᠠᠲᠤᠯᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号