ᠨᠠᠮ ᠤᠨ ᠪᠠᠶᠢᠭᠤᠯᠤᠯᠲᠠ ᠪᠠᠷ ᠬᠠᠤᠯᠢ ᠶᠢ ᠲᠦᠭᠡᠮᠡᠯᠵᠢᠭᠦᠯᠬᠦ ᠵᠠᠮ ᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠠᠷᠭ᠎ᠠ ᠵᠠᠮ ᠢ ᠴᠣᠭᠴᠠᠯᠠᠶ᠎ᠠ
ᠨᠡᠶᠢᠲᠡᠯᠡᠭᠰᠡᠨ ᠴᠠᠭ᠄
2024/9/13
    ᠰᠢᠨᠬᠤᠸᠠ ᠵᠡᠭᠡᠯᠢ ᠭᠤᠳᠤᠮᠵᠢ ᠶᠢᠨ ᠬᠢᠨ ᠨᠠᠮ ᠤᠨ ᠪᠠᠶᠢᠭᠤᠯᠤᠯᠲᠠ ᠪᠠᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠬᠠᠤᠯᠢ ᠶᠢ ᠰᠤᠷᠤᠯᠴᠠᠵᠤ ᠬᠠᠤᠯᠢ ᠶᠢ ᠰᠠᠬᠢᠬᠤ ᠶᠢ ᠲᠦᠷᠦᠭᠦᠯᠡᠨ ᠪᠠᠷᠢᠮᠲᠠᠯᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠳᠠᠭᠠᠭᠤᠯᠤᠭᠴᠢ ᠪᠠ ᠬᠠᠤᠯᠢ ᠴᠠᠭᠠᠵᠠ ᠶᠢᠨ ᠮᠡᠷᠭᠡᠨ ᠬᠥᠮᠦᠨ ᠪᠣᠯᠬᠤ ᠪᠠᠷ ᠴᠢᠷᠮᠠᠶᠢᠵᠤ᠂ ᠤᠢᠢᠷ᠎ᠠ ᠶᠢᠨ ᠬᠤᠭᠤᠴᠠᠭᠠᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠤᠯᠠᠨ ᠲᠦᠮᠡᠨ ᠳᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ︽ᠬᠤᠪᠢᠰᠬᠠᠯ ᠤᠨ ᠬᠥᠳᠡᠯᠭᠡᠭᠦᠷ︾᠎ ᠢ ᠨᠣᠴᠣᠭᠠᠪᠠ᠃
37939_700x700.png  
    ᠰᠢᠨᠬᠤᠸᠠ ᠵᠡᠭᠡᠯᠢ ᠭᠤᠳᠤᠮᠵᠢ ᠶᠢᠨ ᠰᠢᠨ ᠨᠠᠨ ᠨᠡᠶᠢᠭᠡᠮ ᠲᠣᠭᠤᠷᠢᠭ ᠤᠨ ᠠᠵᠢᠯᠲᠠᠳ ᠬᠤᠳᠠᠯᠳᠤᠭᠠᠨ ᠤ ᠳᠡᠯᠭᠡᠭᠦᠷ ᠵᠢᠴᠢ ᠰᠠᠭᠤᠭᠠᠯᠢ ᠠᠷᠠᠳ ᠤᠨ ᠬᠡᠷ ᠲᠤ ᠭᠦᠨᠵᠡᠭᠡᠶᠢᠷᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾᠎ ᠶᠢᠨ ᠬᠡᠷᠡᠭᠯᠡᠬᠦ ᠬᠡᠪᠴᠢᠶ᠎ᠡ᠂ ᠬᠠᠮᠠᠭᠠᠯᠠᠬᠤ ᠡᠲᠡᠭᠡᠳ ᠵᠢᠴᠢ ᠲᠣᠰ ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠬᠤ ᠠᠷᠭ᠎ᠠ᠂ ᠠᠷᠭ᠎ᠠ ᠵᠠᠮ ᠵᠡᠷᠭᠡ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠪᠡ︔ ᠺᠠᠩ ᠯᠧ ᠨᠡᠶᠢᠭᠡᠮ ᠲᠣᠭᠤᠷᠢᠭ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠠᠷ᠎ᠠ ᠪᠦᠯᠦᠭᠲᠡᠨ ᠬᠠᠷᠭᠢᠰ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠬᠠᠤᠯᠢ ᠴᠠᠭᠠᠵᠠ ᠶᠢᠨ ᠦᠵᠡᠯ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠰᠢᠨᠬᠤᠸᠠ ᠲᠣᠮᠢᠯᠠᠭᠰᠠᠨ ᠰᠠᠯᠪᠤᠷᠢ ᠲᠠᠢ ᠬᠠᠮᠲᠤᠷᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠨ ᠪᠠᠶᠢᠭᠤᠯᠤᠯᠲᠠ ᠲᠠᠢ ᠶᠠᠯ᠎ᠠ ᠬᠢᠬᠦ ᠶᠢ ᠡᠰᠡᠷᠭᠦᠴᠡᠬᠦ ᠬᠠᠤᠯᠢ︾᠎ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠷᠠᠳ ᠤᠨ ᠴᠠᠭᠳᠠᠭ᠎ᠠ ᠰᠦᠯᠵᠢᠶᠡᠨ ᠭᠠᠳᠠᠨ᠎ᠠ ᠰᠠᠭᠤᠭᠠᠯᠢ ᠠᠷᠠᠳ ᠲᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠪᠠ ᠮᠠᠳᠠᠭ ᠲᠠᠢ ᠠᠰᠠᠭᠤᠳᠠᠯ ᠢ ᠨᠢ ᠬᠠᠷᠢᠭᠤᠯᠪᠠ︔ ᠵᠣᠯ ᠵᠢᠷᠭᠠᠯᠲᠤ ᠨᠡᠶᠢᠭᠡᠮ ᠲᠣᠭᠤᠷᠢᠭ ᠬᠠᠷᠢᠶ᠎ᠠ ᠣᠷᠣᠨ ᠳᠠᠭᠠᠨ ︽ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠬᠤ ᠶᠢ ᠰᠡᠷᠭᠡᠶᠢᠯᠡᠬᠦ ᠨᠡᠷᠡᠨ ᠭᠡᠷᠡᠯᠲᠦ ᠣᠶᠤᠨ ᠰᠠᠨᠠᠭ᠎ᠠ ᠶᠢ ᠬᠠᠮᠠᠭᠠᠯᠠᠬᠤ︾ ᠵᠠᠯᠠᠭᠤᠴᠤᠳ ᠪᠠᠭᠠᠴᠤᠳ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠵᠡᠪᠰᠡᠭ ᠢᠶᠠᠷ ᠥᠪᠡᠷ ᠢ ᠪᠠᠨ ᠬᠠᠮᠠᠭᠠᠯᠠᠭᠤᠯᠪᠠ᠃
37940_700x700.png   
    ᠳᠠᠷᠠᠭᠠᠴᠢ ᠶᠢᠨ ᠠᠯᠬᠤᠮ ᠳᠤ᠂ ᠰᠢᠨᠬᠤᠸᠠ ᠵᠡᠭᠡᠯᠢ ᠭᠤᠳᠤᠮᠵᠢ ᠶᠢᠨ ᠬᠢᠨ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢᠨ ᠠᠷᠭ᠎ᠠ ᠬᠡᠯᠪᠡᠷᠢ ᠪᠠᠨ ᠪᠠᠶᠠᠯᠢᠭᠵᠢᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠵᠥᠷᠢᠴᠡᠯ ᠢ ᠨᠠᠮᠳᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠠᠷᠭ᠎ᠠ ᠵᠠᠮ ᠢ ᠴᠢᠷᠮᠠᠶᠢᠨ ᠪᠤᠢ ᠪᠣᠯᠭᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号