ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 134 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/13
    ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 134 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ 8 ᠰᠠᠷ᠎ᠠ ᠶᠢᠨ 23᠎ ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ︵︽ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ ᠰᠢᠨ᠎ᠡ ᠪᠠᠶᠢᠷᠢᠰᠢᠯ ᠢ ᠪᠣᠶ ᠪᠣᠯᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾᠎ ᠢ ᠬᠢᠨᠠᠨ ᠵᠥᠪᠯᠡᠪᠡ︔ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠯ᠎ᠡ ᠲᠤᠰᠬᠠᠢ ᠵᠦᠢᠯ ᠤᠨ ᠳᠤᠭᠤᠶᠢᠯᠠᠩ ᠤᠨ ᠠᠵᠢᠯ ᠤᠨ ᠠᠬᠢᠴᠠ ᠶᠢᠨ ᠬᠠᠷᠢᠭᠤ ᠮᠡᠳᠡᠭᠦᠯᠦᠯᠲᠡ ᠵᠡᠷᠭᠡ ᠠᠭᠤᠯᠭ᠎ᠠ ᠶᠢ ᠰᠣᠨᠣᠰᠪᠠ︔ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠡᠳ᠋ ᠤᠨ ᠬᠦᠴᠦᠨ ᠢ ᠨᠥᠬᠦᠪᠥᠷᠢᠯᠡᠬᠦ ᠰᠢᠨ᠎ᠡ ᠪᠠᠷ ᠨᠡᠮᠡᠭᠳᠡᠭᠰᠡᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠬᠤᠪᠢᠶᠠᠷᠢᠯᠠᠯᠲᠠ ᠶᠢᠨ ᠪᠠᠶᠢᠳᠠᠯ ᠤᠨ ᠲᠤᠬᠠᠶ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ︔ ︽ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠬᠠᠪᠰᠤᠷᠤᠨ ᠲᠡᠳᠬᠦᠬᠦ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠬᠥᠩᠭᠡᠪᠴᠢᠯᠡᠬᠦ ᠠᠵᠢᠯ ᠢ ᠠᠬᠢᠭᠤᠯᠬᠤ ᠲᠥᠰᠦᠯ ︵ᠬᠢᠨᠠᠭᠤᠯᠬᠤ ᠨᠣᠤᠷᠠᠭ︶︾ ᠵᠡᠷᠭᠡ ᠠᠭᠤᠯᠭ᠎ᠠ ᠶᠢ ᠰᠤᠳᠤᠯᠤᠨ ᠬᠢᠨᠠᠨ ᠵᠥᠪᠯᠡᠭᠰᠡᠨ ᠪᠥᠭᠡᠳ ᠬᠠᠶᠢᠷᠤᠪ ᠤᠨ ᠲᠣᠬᠤᠢ ᠶᠢᠨ ᠲᠣᠭᠤᠷᠢᠭ ᠤᠨ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠰᠦᠨ ᠬᠤᠤ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠤᠳᠤᠷᠢᠳᠬᠤ ᠺᠠᠳ᠋ᠷ ᠪᠦᠬᠦ ᠲᠠᠯ᠎ᠠ ᠪᠠᠷ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠠᠵᠤ ᠠᠬᠤᠢ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠦᠨᠵᠡᠭᠡᠢ ᠲᠠᠨᠢᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠣᠳᠣᠬᠢᠴᠢᠯᠠᠯᠲᠠ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠵᠠᠢ᠃  ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢᠨ ᠬᠠᠮᠲᠤ ᠭᠠᠳᠠᠭᠰᠢ ᠨᠡᠭᠡᠭᠡᠯᠲᠡ ᠬᠢᠬᠦ ᠶᠢ ᠪᠠᠷᠢᠮᠲᠠᠯᠠᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠨᠡᠭᠦᠷᠡᠰᠦᠨ ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ ᠰᠠᠭᠤᠷᠢᠨ ᠭᠠᠵᠠᠷ ᠪᠣᠯᠤᠨ ᠴᠡᠪᠡᠷ ᠡᠨᠧᠷᠭᠢ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠴᠢᠨᠠᠷ ᠰᠠᠶᠢᠲᠠᠢ ᠪᠡᠶ᠎ᠡ ᠶᠢᠨ ᠲᠠᠮᠢᠷ ᠤᠨ ᠦᠢᠯᠡᠳᠬᠦᠨ ᠪᠣᠯᠤᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠵᠠᠯᠠᠭᠤᠴᠤᠳ ᠪᠠᠭᠠᠴᠤᠳ ᠤᠨ ᠪᠡᠶ᠎ᠡ ᠲᠠᠮᠢᠷ ᠤᠨ ᠥᠷᠨᠢᠩᠭᠦᠢ ᠥᠷᠨᠢᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号