ᠼᠦᠢ ᠬᠤᠩ ᠪᠥᠸᠧ ᠬᠠᠶᠢᠷᠤᠪ ᠤᠨ ᠲᠣᠬᠤᠢ ᠲᠣᠭᠤᠷᠢᠭ ᠤᠨ ︽ᠦᠨᠡᠮᠯᠡᠯ ᠠᠪᠬᠤ ᠳᠤ ᠬᠦᠴᠢᠷᠲᠡᠶ︾ ᠠᠰᠠᠭᠤᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/13
    9 ᠰᠠᠷ᠎ᠠ ᠶᠢᠨ 12᠎ ᠤᠨ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠼᠦᠢ ᠬᠤᠩ ᠪᠥᠸᠧ ᠬᠠᠷᠢᠶᠠᠲᠤ ᠣᠷᠣᠨ ᠤ ︽ᠦᠨᠡᠮᠯᠡᠯ ᠠᠪᠬᠤ ᠳᠤ ᠬᠦᠴᠢᠷᠲᠡᠶ︾ ᠠᠰᠠᠭᠤᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠡᠤ ᠬᠠᠶ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠼᠦᠢ ᠬᠤᠩ ᠪᠥᠸᠧ ᠨᠡᠷ ᠤᠷᠢᠳ ᠬᠤᠵᠢᠳ ᠬᠤᠸᠠ ᠢ ᠢᠦᠶ ᠫᠢᠨ ᠲᠣᠭᠤᠷᠢᠭ᠂ ᠯᠢ ᠳ᠋ᠦ᠋ ᠣᠯᠠᠨ ᠤᠯᠤᠰ ᠤᠨ ᠵᠢᠵᠢᠭ ᠲᠣᠭᠤᠷᠢᠭ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ᠂ ᠰᠢᠨ ᠷᠦᠢ ᠬᠤᠸᠠ ᠮᠤᠤ ᠴᠧᠩ ᠵᠢᠵᠢᠭ ᠲᠣᠭᠤᠷᠢᠭ ᠲᠤ ᠬᠦᠷᠴᠦ ᠬᠤᠯᠪᠣᠭᠳᠠᠯ ᠪᠥᠬᠦᠶ ᠬᠠᠷᠢᠭᠤᠴᠠᠯᠭᠠᠲᠠᠨ ᠠᠴᠠ ᠣᠯᠠᠨ ᠲᠦᠮᠡᠨ ᠤ ᠦᠨᠡᠮᠯᠡᠯ ᠠᠪᠤᠭᠰᠠᠨ ᠪᠠᠶᠢᠳᠠᠯ ᠢ ᠣᠶᠢᠯᠠᠭᠠᠵᠤ᠂ ᠡᠯ᠎ᠡ ︽ᠦᠨᠡᠮᠯᠡᠯ ᠭᠦᠢᠴᠡᠤᠡᠭᠡᠬᠦ ᠳᠤ ᠬᠦᠴᠢᠷᠲᠡᠶ︾ ᠵᠢᠵᠢᠭ ᠲᠣᠭᠤᠷᠢᠭ ᠤᠨ ᠲᠦᠭᠵᠢᠷᠡᠯ ᠬᠦᠴᠢᠷ ᠠᠰᠠᠭᠤᠳᠠᠯ ᠢ ᠰᠤᠳᠤᠯᠤᠨ ᠰᠢᠢᠤᠡᠪᠤᠷᠢᠯᠡᠵᠤ᠂ ᠦᠨᠡᠮᠯᠡᠯ ᠭᠦᠢᠴᠡᠤᠡᠭᠡᠬᠦ ᠠᠬᠢᠴᠠ ᠶᠢ ᠲᠦᠷᠭᠡᠳᠬᠡᠪᠡ᠃     ᠼᠦᠢ ᠬᠤᠩ ᠪᠥᠸᠧ ᠬᠡᠯᠡᠬᠦ ᠳᠡᠭᠡᠨ᠂ ᠣᠯᠠᠨ ᠲᠦᠮᠡᠨ ᠤ ᠲᠤᠰᠬᠠᠭᠰᠠᠨ ᠣᠷᠣᠨ ᠰᠠᠭᠤᠴᠠ ᠶᠢᠨ ︽ᠦᠨᠡᠮᠯᠡᠯ  ᠭᠦᠢᠴᠡᠤᠡᠭᠡᠬᠦ ᠳᠤ ᠬᠦᠴᠢᠷᠲᠡᠶ︾ ᠠᠷᠬᠠᠭ ᠬᠡᠮ ᠳᠤ ᠴᠢᠭᠯᠡᠭᠦᠯᠦᠨ᠂ ᠪᠠᠴᠢᠮ ᠡᠭᠦᠷᠭᠡ ᠪᠣᠯᠭᠠᠨ ᠲᠦᠷᠭᠡᠨ  ᠰᠢᠢᠤᠡᠪᠤᠷᠢᠯᠡᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠨᠠᠷᠢᠨ ᠲᠣᠳᠣᠷᠬᠠᠶ ᠭᠦᠢᠴᠡᠤᠡᠭᠡᠬᠦ ᠶᠠᠪᠤᠴᠠ ᠪᠠ ᠬᠡᠷᠡᠭᠰᠡᠬᠦ ᠮᠠᠲ᠋ᠧᠷᠢᠶᠠᠯ ᠢ ᠬᠠᠩᠭᠠᠵᠤ᠂ ᠰᠠᠭᠤᠭᠠᠯᠢ ᠠᠷᠠᠳ ᠤᠨ ᠬᠠᠮᠢᠶ᠎ᠠ ᠪᠥᠬᠦᠶ ᠦᠨᠡᠮᠯᠡᠯ ᠢ ᠤᠷᠤᠭᠰᠢᠲᠠᠶ ᠭᠦᠢᠴᠡᠤᠡᠭᠡᠬᠦ ᠳᠤ ᠲᠥᠬᠦᠮ ᠦᠵᠡᠭᠦᠯᠬᠦ ᠬᠡᠷᠡᠭᠲᠡᠶ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠳᠦᠰᠦ ᠰᠤᠷᠪᠤᠯᠵᠢ ᠶᠢ ᠭᠦᠨᠵᠡᠭᠡᠶ ᠵᠠᠳᠠᠯᠵᠤ᠂ ᠨᠠᠷᠢᠨ ᠪᠤᠳᠤᠯᠢᠶᠠᠨᠲᠠᠶ ᠲᠡᠦᠬᠡ ᠶᠢᠨ ᠦᠯᠡᠳᠡᠭᠳᠡᠯ ᠠᠰᠠᠭᠤᠳᠠᠯ ᠪᠠ ︽ᠦᠨᠡᠮᠯᠡᠯ ᠭᠦᠢᠴᠡᠤᠡᠭᠡᠬᠦ ᠳᠤ ᠬᠦᠴᠢᠷᠲᠡᠶ︾ ᠪᠠᠶᠢᠳᠠᠯ ᠳᠤ ᠴᠢᠭᠯᠡᠭᠦᠯᠦᠨ᠂ ᠠᠰᠠᠭᠤᠳᠠᠯ ᠢ ᠲᠣᠳᠣᠷᠬᠠᠶ ᠣᠶᠢᠯᠠᠭᠠᠵᠤ᠂ ᠦᠨᠳᠦᠰᠦᠨ ᠪᠠᠶᠢᠳᠠᠯ ᠢ ᠲᠣᠳᠣᠷᠬᠠᠶ ᠣᠶᠢᠯᠠᠭᠠᠵᠤ᠂ ᠲᠠᠰ ᠲᠥᠷᠥᠯ ᠬᠤᠪᠢᠶᠠᠨ ᠠᠯᠬᠤᠮ ᠬᠤᠪᠢᠶᠠᠨ ᠵᠢᠷᠤᠮᠵᠢᠭᠤᠯᠤᠨ  ᠰᠢᠢᠤᠡᠪᠤᠷᠢᠯᠡᠬᠦ ᠬᠡᠷᠡᠭᠲᠡᠶ︔ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠷᠣᠨ ᠰᠠᠭᠤᠴᠠ ᠶᠢᠨ ᠥᠮᠴᠢᠯᠡᠬᠦ ᠡᠷᠬᠡ ᠶᠢᠨ ᠦᠨᠡᠮᠯᠡᠯ ᠢ ᠭᠦᠢᠴᠡᠤᠡᠭᠡᠬᠦ ᠠᠵᠢᠯ ᠤᠨ ᠰᠠᠯᠠᠭ᠎ᠠ ᠮᠥᠴᠢᠷ ᠠᠯᠤᠰᠯᠠᠭᠰᠠᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠰᠢᠯᠢᠳᠡᠭᠵᠢᠭᠦᠯᠵᠦ᠂ ᠭᠤᠯᠳᠤ ᠨᠡᠪᠲᠡᠷᠡᠯᠴᠡᠭᠡ ᠪᠠ ᠬᠥᠨᠳᠡᠯᠡᠨ ᠴᠢᠭᠯᠡᠯ ᠢᠶᠠᠷ ᠬᠠᠮᠵᠢᠯᠴᠠᠬᠤ ᠪᠠᠨ ᠴᠢᠩᠭᠠᠳᠬᠠᠨ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠤ᠂ ︽ᠦᠨᠡᠮᠯᠡᠯ ᠭᠦᠢᠴᠡᠤᠡᠭᠡᠬᠦ ᠳᠤ ᠬᠦᠴᠢᠷᠲᠡᠶ︾ ᠠᠰᠠᠭᠤᠳᠠᠯ ᠢ ᠥᠨᠳᠥᠷ ᠪᠦᠲᠦᠮᠵᠢᠲᠡᠶ ᠪᠠᠷ ᠰᠢᠢᠤᠡᠪᠤᠷᠢᠯᠡᠬᠦ ᠶᠢ ᠠᠬᠢᠭᠤᠯᠬᠤ ᠬᠡᠷᠡᠭᠲᠡᠶ ᠭᠡᠵᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号