9 ᠰᠠᠷ᠎ᠠ ᠶᠢᠨ 12 ᠤᠨ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠲᠣᠭᠤᠷᠢᠭ ᠤᠨ ᠳᠠᠷᠤᠭ᠎ᠠ ᠼᠦᠢ ᠬᠤᠩ ᠪᠥᠸᠧ ᠬᠠᠷᠢᠶᠠᠲᠤ ᠣᠷᠣᠨ ᠤ ︽ᠦᠨᠡᠮᠯᠡᠯ ᠠᠪᠬᠤ ᠳᠤ | ᠬᠦᠴᠢᠷᠲᠡᠶ︾ ᠠᠰᠠᠭᠤᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠡᠤ ᠬᠠᠶ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ | ᠰᠤᠳᠤᠯᠤᠯᠲᠠ ᠬᠢᠪᠠ᠃ | ᠼᠦᠢ ᠬᠤᠩ ᠪᠥᠸᠧ ᠨᠡᠷ ᠤᠷᠢᠳ ᠬᠤᠵᠢᠳ ᠬᠤᠸᠠ ᠢ ᠢᠦᠶ ᠫᠢᠨ ᠲᠣᠭᠤᠷᠢᠭ᠂ ᠯᠢ ᠳ᠋ᠦ᠋ ᠣᠯᠠᠨ | ᠤᠯᠤᠰ ᠤᠨ ᠵᠢᠵᠢᠭ ᠲᠣᠭᠤᠷᠢᠭ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ᠂ ᠰᠢᠨ | ᠷᠦᠢ ᠬᠤᠸᠠ ᠮᠤᠤ ᠴᠧᠩ ᠵᠢᠵᠢᠭ ᠲᠣᠭᠤᠷᠢᠭ ᠲᠤ ᠬᠦᠷᠴᠦ ᠬᠤᠯᠪᠣᠭᠳᠠᠯ ᠪᠥᠬᠦᠶ ᠬᠠᠷᠢᠭᠤᠴᠠᠯᠭᠠᠲᠠᠨ ᠠᠴᠠ ᠣᠯᠠᠨ | ᠲᠦᠮᠡᠨ ᠤ ᠦᠨᠡᠮᠯᠡᠯ ᠠᠪᠤᠭᠰᠠᠨ ᠪᠠᠶᠢᠳᠠᠯ ᠢ ᠣᠶᠢᠯᠠᠭᠠᠵᠤ᠂ ᠡᠯ᠎ᠡ ︽ᠦᠨᠡᠮᠯᠡᠯ ᠭᠦᠢᠴᠡᠤᠡᠭᠡᠬᠦ ᠳᠤ ᠬᠦᠴᠢᠷᠲᠡᠶ︾ | ᠵᠢᠵᠢᠭ ᠲᠣᠭᠤᠷᠢᠭ ᠤᠨ ᠲᠦᠭᠵᠢᠷᠡᠯ ᠬᠦᠴᠢᠷ ᠠᠰᠠᠭᠤᠳᠠᠯ ᠢ ᠰᠤᠳᠤᠯᠤᠨ ᠰᠢᠢᠤᠡᠪᠤᠷᠢᠯᠡᠵᠤ᠂ ᠦᠨᠡᠮᠯᠡᠯ ᠭᠦᠢᠴᠡᠤᠡᠭᠡᠬᠦ | ᠠᠬᠢᠴᠠ ᠶᠢ ᠲᠦᠷᠭᠡᠳᠬᠡᠪᠡ᠃ | ᠼᠦᠢ ᠬᠤᠩ ᠪᠥᠸᠧ ᠬᠡᠯᠡᠬᠦ ᠳᠡᠭᠡᠨ᠂ ᠣᠯᠠᠨ ᠲᠦᠮᠡᠨ ᠤ ᠲᠤᠰᠬᠠᠭᠰᠠᠨ ᠣᠷᠣᠨ ᠰᠠᠭᠤᠴᠠ ᠶᠢᠨ ︽ᠦᠨᠡᠮᠯᠡᠯ | ᠭᠦᠢᠴᠡᠤᠡᠭᠡᠬᠦ ᠳᠤ ᠬᠦᠴᠢᠷᠲᠡᠶ︾ ᠠᠷᠬᠠᠭ ᠬᠡᠮ ᠳᠤ ᠴᠢᠭᠯᠡᠭᠦᠯᠦᠨ᠂ ᠪᠠᠴᠢᠮ ᠡᠭᠦᠷᠭᠡ ᠪᠣᠯᠭᠠᠨ ᠲᠦᠷᠭᠡᠨ | ᠰᠢᠢᠤᠡᠪᠤᠷᠢᠯᠡᠵᠤ᠂ ᠬᠠᠷᠢᠭᠤᠴᠠᠯᠭᠠᠲᠤ ᠰᠠᠯᠠᠭ᠎ᠠ ᠮᠥᠴᠢᠷ ᠨᠠᠷᠢᠨ ᠲᠣᠳᠣᠷᠬᠠᠶ ᠭᠦᠢᠴᠡᠤᠡᠭᠡᠬᠦ ᠶᠠᠪᠤᠴᠠ ᠪᠠ ᠬᠡᠷᠡᠭᠰᠡᠬᠦ | ᠮᠠᠲ᠋ᠧᠷᠢᠶᠠᠯ ᠢ ᠬᠠᠩᠭᠠᠵᠤ᠂ ᠰᠠᠭᠤᠭᠠᠯᠢ ᠠᠷᠠᠳ ᠤᠨ ᠬᠠᠮᠢᠶ᠎ᠠ ᠪᠥᠬᠦᠶ ᠦᠨᠡᠮᠯᠡᠯ ᠢ ᠤᠷᠤᠭᠰᠢᠲᠠᠶ ᠭᠦᠢᠴᠡᠤᠡᠭᠡᠬᠦ ᠳᠤ | ᠲᠥᠬᠦᠮ ᠦᠵᠡᠭᠦᠯᠬᠦ ᠬᠡᠷᠡᠭᠲᠡᠶ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠳᠦᠰᠦ | ᠰᠤᠷᠪᠤᠯᠵᠢ ᠶᠢ ᠭᠦᠨᠵᠡᠭᠡᠶ ᠵᠠᠳᠠᠯᠵᠤ᠂ ᠨᠠᠷᠢᠨ ᠪᠤᠳᠤᠯᠢᠶᠠᠨᠲᠠᠶ ᠲᠡᠦᠬᠡ ᠶᠢᠨ ᠦᠯᠡᠳᠡᠭᠳᠡᠯ ᠠᠰᠠᠭᠤᠳᠠᠯ ᠪᠠ ︽ᠦᠨᠡᠮᠯᠡᠯ | ᠭᠦᠢᠴᠡᠤᠡᠭᠡᠬᠦ ᠳᠤ ᠬᠦᠴᠢᠷᠲᠡᠶ︾ ᠪᠠᠶᠢᠳᠠᠯ ᠳᠤ ᠴᠢᠭᠯᠡᠭᠦᠯᠦᠨ᠂ ᠠᠰᠠᠭᠤᠳᠠᠯ ᠢ ᠲᠣᠳᠣᠷᠬᠠᠶ ᠣᠶᠢᠯᠠᠭᠠᠵᠤ᠂ | ᠦᠨᠳᠦᠰᠦᠨ ᠪᠠᠶᠢᠳᠠᠯ ᠢ ᠲᠣᠳᠣᠷᠬᠠᠶ ᠣᠶᠢᠯᠠᠭᠠᠵᠤ᠂ ᠲᠠᠰ ᠲᠥᠷᠥᠯ ᠬᠤᠪᠢᠶᠠᠨ ᠠᠯᠬᠤᠮ ᠬᠤᠪᠢᠶᠠᠨ ᠵᠢᠷᠤᠮᠵᠢᠭᠤᠯᠤᠨ | ᠰᠢᠢᠤᠡᠪᠤᠷᠢᠯᠡᠬᠦ ᠬᠡᠷᠡᠭᠲᠡᠶ︔ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠬᠠᠮᠲᠤᠷᠠᠯᠴᠠᠭ᠎ᠠ ᠪᠠᠨ | ᠴᠢᠩᠭᠠᠳᠬᠠᠵᠤ᠂ ᠣᠷᠣᠨ ᠰᠠᠭᠤᠴᠠ ᠶᠢᠨ ᠥᠮᠴᠢᠯᠡᠬᠦ ᠡᠷᠬᠡ ᠶᠢᠨ ᠦᠨᠡᠮᠯᠡᠯ ᠢ ᠭᠦᠢᠴᠡᠤᠡᠭᠡᠬᠦ ᠠᠵᠢᠯ ᠤᠨ ᠰᠠᠯᠠᠭ᠎ᠠ | ᠮᠥᠴᠢᠷ ᠠᠯᠤᠰᠯᠠᠭᠰᠠᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠰᠢᠯᠢᠳᠡᠭᠵᠢᠭᠦᠯᠵᠦ᠂ ᠭᠤᠯᠳᠤ | ᠨᠡᠪᠲᠡᠷᠡᠯᠴᠡᠭᠡ ᠪᠠ ᠬᠥᠨᠳᠡᠯᠡᠨ ᠴᠢᠭᠯᠡᠯ ᠢᠶᠠᠷ ᠬᠠᠮᠵᠢᠯᠴᠠᠬᠤ ᠪᠠᠨ ᠴᠢᠩᠭᠠᠳᠬᠠᠨ᠂ ᠬᠦᠴᠦᠷᠬᠡᠭ ᠶᠡᠭᠡ ᠨᠡᠶᠢᠯᠡᠮᠡᠯ | ᠬᠦᠴᠦᠨ ᠢ ᠨᠢᠭᠲᠠᠷᠠᠭᠤᠯᠵᠤ᠂ ︽ᠦᠨᠡᠮᠯᠡᠯ ᠭᠦᠢᠴᠡᠤᠡᠭᠡᠬᠦ ᠳᠤ ᠬᠦᠴᠢᠷᠲᠡᠶ︾ ᠠᠰᠠᠭᠤᠳᠠᠯ ᠢ ᠥᠨᠳᠥᠷ | ᠪᠦᠲᠦᠮᠵᠢᠲᠡᠶ ᠪᠠᠷ ᠰᠢᠢᠤᠡᠪᠤᠷᠢᠯᠡᠬᠦ ᠶᠢ ᠠᠬᠢᠭᠤᠯᠬᠤ ᠬᠡᠷᠡᠭᠲᠡᠶ ᠭᠡᠵᠡᠶ᠃ |