︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠬᠤᠶᠠᠳᠤᠭᠠᠷ ᠤᠳᠠᠭ᠎ᠠ ᠶᠢᠨ ᠪᠦᠬᠦ ᠭᠡᠰᠢᠭᠦᠳ ᠤᠨ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2024/9/18
    ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 15᠎ ᠤ ᠴᠡᠬᠢᠯᠭᠠᠨ ᠮᠡᠳᠡᠭᠡ 9 ᠰᠠᠷ᠎ᠠ ᠶᠢᠨ 16᠎ ᠤ ᠡᠳᠦᠷ ᠬᠡᠪᠯᠡᠭᠳᠡᠭᠰᠡᠨ 18 ᠳ᠋ᠤᠭᠠᠷ ᠬᠤᠭᠤᠴᠠᠭᠠᠨ ᠤ ︽ᠦᠨᠡᠨ︾ ᠰᠡᠳᠭᠦᠯ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠠᠷᠤᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠠᠷᠢᠭᠦᠯᠡᠭᠴᠢ ᠰᠢ ᠶᠢᠨ ᠫᠢᠩ ᠤᠨ ᠴᠢᠬᠤᠯᠠ ᠵᠣᠬᠢᠶᠠᠯ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠲᠤᠭᠠᠷ ᠪᠦᠬᠦᠳᠡ ᠬᠤᠷᠠᠯ ᠤᠨ ᠬᠤᠶᠠᠳᠤᠭᠠᠷ ᠤᠳᠠᠭ᠎ᠠ ᠶᠢᠨ ᠪᠦᠬᠦ ᠭᠡᠰᠢᠭᠦᠳ ᠤᠨ ᠬᠤᠷᠠᠯ ᠲᠡᠭᠡᠷᠡᠬᠢ ᠶᠠᠷᠢᠶ᠎ᠠ︾᠎ ᠶᠢ ᠨᠡᠶᠢᠲᠡᠯᠡᠪᠡ᠃    ᠵᠣᠬᠢᠶᠠᠯ ᠳᠤ᠂ ᠪᠦᠬᠦᠳᠡ ᠬᠤᠷᠠᠯ ᠠᠴᠠ ᠪᠠᠲᠤᠯᠠᠭᠰᠠᠨ ︽ᠲᠣᠭᠲᠠᠭᠠᠯ︾᠎ ᠳᠤ ᠦᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠡᠩᠭᠤᠶ᠎ᠠ ᠰᠢᠨ᠎ᠡ ᠴᠠᠭ ᠦᠶ᠎ᠡ ᠶᠢᠨ ᠦᠭᠡᠷᠡᠴᠢᠯᠡᠯᠲᠡ ᠶᠢ ᠪᠥᠬᠦ ᠲᠠᠯ᠎ᠠ ᠪᠠᠷ ᠬᠦᠨᠵᠡᠭᠡᠶᠢᠷᠡᠭᠦᠯᠦᠭᠰᠡᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ᠂ ᠳᠤᠮᠳᠠᠲᠦ ᠤᠯᠤᠰ ᠤᠨ ᠮᠠᠶ᠋ᠢᠭ ᠤᠨ ᠤᠳᠤᠬᠢᠴᠢᠯᠠᠯᠲᠠ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠬᠦᠨᠵᠡᠭᠡᠢ ᠵᠠᠳᠠᠯᠵᠤ᠂ ᠪᠦᠬᠦ ᠨᠠᠮ ᠪᠥᠬᠦ ᠨᠡᠶᠢᠭᠡᠮ ᠤᠨ ᠣᠶᠣᠨ ᠤᠬᠠᠭᠠᠨ ᠢ ᠲᠥᠪᠯᠡᠷᠡᠭᠦᠯᠵᠦ᠂ ᠳᠤᠮᠳᠠᠲᠤ ᠤᠯᠤᠰ ᠤᠨ ᠮᠠᠶ᠋ᠢᠭ ᠤᠨ ᠤᠳᠣᠬᠢᠴᠢᠯᠠᠯᠲᠠ ᠶᠢᠨ ᠲᠤᠭᠤᠷᠢᠨ ᠳᠤ ᠦᠭᠡᠷᠡᠴᠢᠯᠡᠯᠲᠠ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠬᠦᠨᠵᠡᠭᠡᠶᠢᠷᠡᠭᠦᠯᠬᠦ ᠶᠠᠷᠦᠩᠬᠡᠢ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠦᠯᠤᠪᠵᠢᠭᠦᠯᠦᠭᠰᠡᠨ ᠪᠣᠯᠬᠤᠷ ᠰᠢᠨ᠎ᠡ ᠠᠶᠠᠨ ᠳᠤ ᠦᠭᠡᠷᠡᠴᠢᠯᠡᠯᠲᠠ ᠶᠢ ᠤᠯᠠᠮ ᠨᠢᠭᠡ ᠠᠯᠬᠤᠮ ᠬᠦᠨᠵᠡᠭᠡᠶᠢᠷᠡᠭᠦᠯᠬᠦ ᠶᠢ ᠵᠢᠯᠣᠭᠤᠳᠬᠤ ᠬᠦᠲᠦᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠣᠨ᠎ᠠ᠃ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠪᠣᠯ ᠤᠳᠤᠬᠠᠨ ᠤ ᠪᠠ ᠬᠤᠶᠢᠰᠢᠳᠠ ᠶᠢᠨ ᠭᠡᠰᠡᠭ ᠬᠤᠭᠤᠴᠠᠭᠠᠨ ᠤ ᠪᠦᠬᠦ ᠨᠠᠮ ᠪᠦᠬᠦ ᠤᠯᠤᠰ ᠤᠨ ᠴᠢᠬᠤᠯᠠ ᠶᠡᠭᠡ ᠤᠯᠤᠰ ᠲᠦᠷᠤ ᠶᠢᠨ ᠡᠭᠦᠷᠭᠡ ᠮᠥᠨ ᠭᠡᠵᠦ ᠴᠢᠬᠤᠯᠡᠴᠢᠯᠡᠵᠡᠢ᠃    ᠵᠣᠬᠢᠶᠠᠯ ᠳᠤ᠂ ᠪᠦᠭᠦᠲᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠣᠶᠢᠯᠠᠭᠠᠬᠤ ᠬᠡᠷᠡᠭᠲᠡᠢ᠃ ᠨᠢᠭᠡᠳᠦᠭᠡᠷ ᠲᠤ᠂ ᠥᠭᠡᠷᠡᠴᠢᠯᠡᠯᠲᠠ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠬᠦᠨᠵᠡᠭᠡᠶᠢᠷᠡᠭᠦᠯᠬᠦ ᠭᠤᠣᠯ ᠰᠡᠳᠤᠪ ᠢ ᠬᠦᠨᠵᠡᠭᠡᠢ ᠣᠶᠢᠯᠠᠭᠠᠨ ᠡᠵᠡᠮᠳᠡᠬᠦ ᠬᠡᠷᠡᠭᠲᠡᠢ᠃ ᠰᠢᠨ᠎ᠡ ᠠᠶᠠᠨ ᠳᠤ ᠪᠢᠳᠡ ᠶᠠᠭᠤᠨ ᠳᠤ ᠲᠦᠰᠢᠭᠯᠡᠵᠦ ᠰᠡᠳᠭᠢᠯ ᠨᠢᠭᠡᠳᠤᠨ ᠬᠦᠴᠤ ᠪᠠᠨ ᠬᠠᠮᠳᠤᠳᠬᠠᠬᠤ ᠪᠣᠢ︖ ᠲᠠᠷᠤᠢ ᠲᠤᠮᠳᠠᠲᠤ ᠤᠯᠤᠰ ᠤᠨ ᠮᠠᠶ᠋ᠢᠭ ᠤᠨ ᠤᠳᠣᠬᠢᠴᠢᠯᠡᠯᠲᠠ ᠳᠤ ᠲᠦᠰᠢᠭᠯᠡᠨ᠎ᠡ᠃ ᠦᠭᠡᠷᠡᠴᠢᠯᠡᠯᠲᠠ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠬᠦᠨᠵᠡᠭᠡᠶᠢᠷᠡᠭᠦᠯᠬᠦ ᠳᠤ ᠡᠷᠬᠡᠪᠰᠢ ᠳᠤᠮᠳᠠᠲᠤ ᠤᠯᠤᠰ ᠤᠨ ᠮᠠᠶᠢᠭ ᠤᠨ ᠤᠳᠣᠬᠢᠴᠢᠯᠠᠯᠲᠠ ᠶᠢ ᠠᠬᠢᠭᠤᠯᠬᠤ ᠡᠨᠡ ᠬᠦ ᠭᠤᠣᠯ ᠰᠡᠳᠦᠪ ᠤᠨ ᠲᠤᠭᠤᠷᠢᠨ ᠳᠤ ᠦᠷᠨᠢᠭᠦᠯᠬᠦ ᠬᠡᠷᠡᠭᠲᠡᠢ᠃ ᠬᠤᠶᠠᠳᠤᠭᠠᠷ ᠲᠤ᠂ ᠦᠭᠡᠷᠡᠴᠢᠯᠡᠯᠲᠡ ᠶᠢ ᠣᠯᠠᠨ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠵᠠᠷᠴᠢᠮ ᠢ ᠬᠦᠨᠵᠡᠭᠡᠢ ᠣᠶᠢᠯᠠᠭᠠᠨ ᠡᠵᠡᠮᠳᠡᠬᠦ ᠬᠡᠷᠡᠭᠳᠡᠢ᠃ ︽ᠲᠣᠭᠲᠠᠭᠠᠯ︾᠎ ᠳᠤ ᠥᠭᠡᠷᠡᠴᠢᠯᠡᠯᠲᠠ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠬᠦᠨᠵᠡᠭᠡᠶᠢᠷᠡᠭᠦᠯᠬᠦ ᠳᠤ ᠵᠢᠷᠤᠮᠯᠠᠬᠤ ᠴᠢᠬᠤᠯᠠᠲᠠᠢ ︽ᠵᠢᠷᠭᠤᠭ᠎ᠠ ᠪᠠᠷᠢᠮᠳᠠᠯᠠᠯ︾᠎ ᠤᠨ ᠵᠠᠷᠴᠢᠮ ᠢ ᠳᠤᠷᠠᠳᠤᠭᠰᠠᠨ ᠨᠢ ᠦᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠡᠩᠭᠤᠶ᠎ᠠ ᠰᠢᠨ᠎ᠡ ᠴᠠᠭ ᠦᠶ᠎ᠡ ᠳᠤ ᠦᠭᠡᠷᠡᠴᠢᠯᠡᠯᠲᠠ ᠶᠢ ᠪᠥᠬᠦ ᠲᠠᠯ᠎ᠠ ᠪᠠᠷ ᠬᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢᠨ ᠲᠤᠬᠠᠢ ᠰᠢᠨᠵᠢᠯᠡᠬᠦ ᠤᠬᠠᠭᠠᠨᠴᠢ ᠳ᠋ᠦᠩᠨᠡᠯᠲᠠ ᠮᠥᠨ᠂ ᠮᠠᠨ ᠤ ᠨᠠᠮ ᠤᠨ ᠦᠭᠡᠷᠡᠴᠢᠯᠡᠯᠲᠠ ᠶᠢᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠦᠭᠰᠡᠨ ᠴᠢᠬᠤᠯᠠ ᠶᠡᠭᠡ ᠦᠷ᠎ᠡ ᠪᠦᠳᠦᠭᠡᠯ ᠮᠥᠨ᠂ ᠦᠭᠡᠷᠡᠴᠢᠯᠡᠯᠲᠠ ᠶᠢ ᠣᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠰᠢᠨᠵᠢᠯᠡᠬᠦ ᠤᠬᠠᠭᠠᠨᠴᠢ ᠴᠢᠨᠠᠷ᠂ ᠤᠷᠢᠳᠴᠢᠯᠠᠨ ᠮᠡᠳᠡᠬᠦ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠴᠢᠩᠭᠠᠳᠬᠠᠵᠤ᠂ ᠦᠭᠡᠷᠡᠴᠢᠯᠡᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠳᠤ ᠴᠢᠬᠤᠯᠠ ᠶᠡᠭᠡ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠭᠤᠷᠪᠠᠳᠤᠭᠠᠷ ᠲᠤ ᠂ ᠦᠭᠡᠷᠡᠴᠢᠯᠠᠯᠲᠠ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠬᠦᠨᠵᠡᠭᠡᠢ ᠣᠶᠢᠯᠠᠭᠠᠨ ᠡᠵᠡᠮᠳᠡᠬᠦ ᠬᠡᠷᠡᠭᠲᠡᠢ᠃ ᠪᠥᠬᠦ ᠨᠠᠮ ᠤᠨ ᠨᠦᠬᠦᠳ ᠪᠠᠶᠢᠯᠳᠤᠬᠤ ᠪᠤᠳᠣᠯᠭ᠎ᠠ ᠪᠠ ᠪᠥᠬᠦ ᠲᠠᠯ᠎ᠠ ᠶᠢᠨ ᠦᠨᠳᠤᠷᠴᠠ ᠠᠴᠠ ᠡᠳᠡᠭᠡᠷ ᠴᠢᠬᠤᠯᠠ ᠶᠡᠭᠡ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠠᠨᠢᠵᠤ ᠡᠵᠡᠮᠰᠢᠨ᠂ ᠦᠭᠡᠷᠡᠴᠢᠯᠠᠯᠲᠠ ᠶᠢᠨ ᠵᠣᠷᠢᠯᠲᠠ ᠶᠢ ᠰᠠᠶᠢᠲᠤᠷ ᠣᠶᠢᠯᠠᠭᠠᠵᠤ᠂ ᠦᠭᠡᠷᠡᠴᠢᠯᠠᠯᠲᠠ ᠶᠢᠨ ᠴᠢᠭᠯᠡᠯ ᠢ ᠣᠨᠤᠪᠴᠢᠲᠡᠢ ᠡᠵᠡᠮᠲᠡᠨ᠂ ᠡᠷᠡᠰ ᠭᠤᠶᠢᠪᠢᠰᠢ ᠦᠭᠡᠢ ᠪᠠᠷ ᠠᠬᠢᠭᠤᠯᠬᠤ ᠬᠡᠷᠡᠭᠳᠡᠢ᠃ ᠲᠥᠷᠪᠡᠳᠦᠭᠡᠷ ᠲᠤ᠂ ᠦᠭᠡᠷᠡᠴᠢᠯᠡᠯᠲᠠ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠬᠦᠨᠵᠡᠭᠡᠶᠢᠷᠡᠭᠦᠯᠬᠦ ᠶᠢᠨ ᠦᠨᠳᠦᠰᠤᠨ ᠪᠠᠲᠦᠯᠠᠭ᠎ᠠ ᠶᠢ ᠬᠦᠨᠵᠡᠭᠡᠢ ᠣᠶᠢᠯᠠᠭᠠᠨ ᠡᠵᠡᠮᠳᠡᠬᠦ ᠬᠡᠷᠡᠭᠲᠡᠢ᠃ ᠦᠭᠡᠷᠡᠴᠢᠯᠡᠯᠲᠠ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠳᠤ ᠡᠷᠭᠡᠪᠰᠢ ᠨᠠᠮ ᠤᠨ ᠲᠥᠪ ᠬᠤᠷᠢᠶ᠎ᠠ ᠶᠢᠨ ᠲᠦᠪᠯᠡᠷᠡᠩᠭᠦᠢ ᠨᠢᠭᠡᠳᠦᠯᠲᠠᠢ ᠤᠳᠤᠷᠢᠳᠤᠯᠭ᠎ᠠ ᠶᠢᠨ ᠲᠤᠣᠷ᠎ᠠ ᠶᠠᠪᠤᠭᠳᠠᠭᠤᠯᠵᠤ᠂ ᠥᠭᠡᠷᠡᠴᠢᠯᠡᠯᠲᠡ ᠢᠮᠠᠭᠲᠠ ᠵᠥᠪ ᠤᠯᠤᠰ ᠲᠦᠷᠤ ᠶᠢᠨ ᠴᠢᠭᠯᠡᠯ ᠢᠶᠠᠷ ᠣᠷᠤᠭᠰᠢᠯᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃    ᠵᠣᠬᠢᠶᠠᠯ ᠳᠤ᠂ ︽ᠲᠣᠭᠲᠠᠭᠠᠯ︾᠎ ᠤᠨ ᠪᠠᠶᠢᠷᠢᠯᠠᠭᠤᠯᠤᠯᠲᠠ ᠶᠢ ᠲᠣᠭᠤᠰᠢᠯᠠᠭᠤᠯᠤᠨ ᠨᠡᠶᠢᠲᠡᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠨᠢᠭᠡᠳᠦᠭᠡᠷ ᠲᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ᠃ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠢᠭᠡᠲᠦᠯᠲᠡᠢ ᠲᠦᠯᠤᠪᠵᠢᠭᠦᠯᠦᠨ ᠵᠣᠬᠢᠴᠠᠭᠤᠯᠵᠤ᠂ ᠦᠭᠡᠷᠡᠴᠢᠯᠡᠯᠲᠡ ᠶᠢᠨ ᠡᠭᠦᠷᠭᠡ ᠶᠢᠨ ᠪᠢᠴᠢᠭ᠂ ᠴᠠᠭ ᠤᠨ ᠬᠦᠰᠤᠨᠣᠭ᠍ᠲᠦ᠂ ᠤᠷᠢᠳ ᠢᠶᠠᠷ ᠬᠢᠬᠦ ᠲᠡᠰ ᠳᠡᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠯ᠎ᠡ ᠵᠦᠢᠯ ᠤᠨ ᠦᠭᠡᠷᠡᠴᠢᠯᠡᠯᠲᠠ ᠶᠢ ᠬᠡᠷᠡᠭᠵᠢᠭᠦᠯᠬᠦ ᠭᠤᠣᠯ ᠴᠣᠭᠴᠠ ᠪᠣᠯᠣᠨ ᠬᠠᠷᠢᠭᠤᠴᠠᠯᠭ᠎ᠠ ᠶᠢ ᠲᠤᠳᠤᠷᠬᠠᠶᠢᠯᠠᠬᠤ ᠬᠡᠷᠡᠭᠲᠡᠢ᠃ ᠬᠤᠶᠠᠳᠤᠭᠠᠷ ᠲᠤ᠂ ᠪᠦᠭᠦᠯᠢ ᠴᠤᠭᠴᠠ ᠪᠠᠷ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ᠤᠷᠢᠳ ᠢᠶᠠᠷ ᠰᠢᠨ᠎ᠡ ᠶᠢ ᠪᠠᠶᠢᠭᠤᠯᠵᠤ᠂ ᠳᠠᠷᠠᠭ᠎ᠠ ᠨᠢ ᠬᠠᠭᠤᠴᠢᠨ ᠢ ᠡᠪᠳᠡᠬᠦ᠂ ᠪᠠᠶᠢᠭᠤᠯᠬᠤ ᠦᠭᠡᠢ ᠪᠣᠯ ᠡᠪᠳᠡᠬᠦ ᠦᠭᠡᠢ ᠪᠠᠶᠢᠬᠤ ᠶᠢ ᠪᠠᠷᠢᠮᠳᠠᠯᠠᠵᠤ᠂ ᠦᠭᠡᠷᠡᠴᠢᠯᠠᠯᠲᠠ ᠶᠢᠨ ᠪᠠᠶᠢᠯᠳᠤᠬᠤ ᠪᠣᠳᠤᠯᠭ᠎ᠠ ᠶᠢᠨ ᠭᠤᠣᠯᠳᠠᠯᠭ᠎ᠠ ᠶᠢ ᠣᠨᠣᠪᠴᠢᠲᠠᠢ ᠡᠵᠡᠮᠳᠠᠵᠤ᠂ ᠦᠭᠡᠷᠠᠴᠢᠯᠡᠯᠲᠠ ᠶᠢᠨ ᠠᠷᠭ᠎ᠠ ᠬᠡᠮᠵᠢᠶ᠎ᠠ ᠶᠢᠨ ᠡᠮᠤᠨ᠎ᠠ ᠬᠤᠶᠢᠨᠠᠬᠢ ᠳᠡᠰ ᠳᠠᠷᠠᠭᠠᠯᠠᠯ᠂ ᠬᠦᠭ ᠠᠶᠢᠵᠠᠮ ᠴᠠᠭ ᠲᠣᠬᠢᠶᠠᠯ ᠢ ᠵᠣᠬᠢᠰᠲᠠᠢ ᠲᠣᠬᠢᠷᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠦᠭᠡᠷᠡᠴᠢᠯᠡᠯᠲᠠ ᠶᠢᠨ ᠬᠠᠨᠳᠤᠰᠢ ᠶᠢᠨ ᠨᠢᠭᠡᠲᠤᠯᠲᠤ ᠴᠢᠨᠠᠷ ᠢ ᠴᠢᠩᠭᠠᠳᠬᠠᠵᠤ᠂ ᠥᠪᠡᠷᠮᠡᠲᠡᠭᠡᠢ ᠦᠵᠡᠯ ᠢ ᠡᠷᠡᠰ ᠰᠡᠷᠭᠡᠶᠢᠯᠡᠨ ᠲᠠᠪᠴᠢᠵᠤ᠂ ᠠᠵᠢᠯ ᠤᠨ ᠦᠷᠭᠦᠯᠵᠢᠯᠡᠬᠦ ᠴᠢᠨᠠᠷ ᠢ ᠪᠠᠲᠤᠯᠠᠬᠤ ᠬᠡᠷᠡᠭᠲᠡᠢ᠃ ᠭᠤᠷᠪᠠᠳᠤᠭᠠᠷ ᠲᠤ᠂ ᠰᠦᠪᠡᠭᠴᠢᠯᠡᠵᠦ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠬᠡᠷᠡᠭᠳᠡᠢ᠃ ᠡᠯ᠎ᠡ ᠭᠠᠵᠠᠷ ᠤᠷᠣᠨ ᠡᠯ᠎ᠡ ᠰᠠᠯᠠᠭ᠎ᠠ ᠮᠦᠴᠢᠷ ᠤᠨ ᠬᠢᠨ ᠪᠦᠬᠦ ᠣᠯᠤᠰ ᠢᠶᠠᠷ ᠢᠶᠠᠨ ᠨᠢᠭᠡ ᠬᠦᠯᠭᠡ ᠰᠢᠳᠡᠷ᠎ᠠ ᠪᠤᠯᠬᠤ ᠦᠵᠡᠯ ᠰᠠᠨᠠᠭ᠎ᠠ ᠶᠢ ᠪᠤᠢ ᠪᠣᠯᠭᠠᠵᠤ᠂ ᠨᠠᠮ ᠤᠨ ᠲᠥᠪ ᠬᠤᠷᠢᠶ᠎ᠠ ᠶᠢᠨ ᠲᠣᠭᠳᠠᠭᠠᠭᠰᠠᠨ ᠵᠠᠷᠴᠢᠮ᠂ ᠲᠣᠳᠣᠷᠬᠠᠢ ᠠᠷᠭ᠎ᠠ ᠬᠡᠮᠵᠢᠶ᠎ᠠ᠂ ᠳᠤᠷᠠᠳᠤᠭᠰᠠᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠰᠠᠶᠢᠳᠤᠷ ᠲᠤᠭᠤᠰᠢᠯᠠᠭᠤᠯᠤᠨ ᠨᠡᠶᠢᠲᠡᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ ᠲᠣᠰ ᠪᠡᠶ᠎ᠡ ᠳᠤ ᠲᠤᠯᠭᠠᠷᠠᠵᠤ ᠪᠠᠶᠢᠭ᠎ᠠ ᠭᠤᠣᠯ ᠵᠦᠷᠢᠴᠡᠯ ᠪᠠ ᠵᠦᠷᠢᠴᠡᠯ ᠤᠨ ᠭᠤᠣᠯ ᠲᠠᠯ᠎ᠠ ᠶᠢ ᠣᠨᠤᠪᠴᠢᠳᠠᠢ ᠡᠷᠢᠵᠤ᠂ ᠪᠤᠲᠠᠳᠠᠢ ᠳᠤ ᠨᠡᠶᠢᠴᠡᠭᠰᠡᠨ ᠪᠤᠲᠠᠲᠠᠢ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠤᠭᠳᠠᠭᠠᠬᠤ ᠬᠡᠷᠡᠭᠲᠡᠢ᠃ ᠰᠢᠨ᠎ᠡ ᠬᠦᠷᠢᠶᠡᠨ ᠳᠠᠬᠢ ᠰᠢᠨ᠎ᠡ ᠣᠶᠢᠯᠡᠳᠤᠯᠭᠡ ᠳᠤ ᠳᠤᠯᠭᠠᠷᠠᠭᠰᠠᠨ ᠰᠢᠨ᠎ᠡ ᠠᠰᠠᠭᠤᠳᠠᠯ ᠳᠤ ᠦᠨᠳᠦᠰᠤᠨ ᠱᠠᠲᠤ ᠪᠣᠯᠣᠨ ᠤᠯᠠᠨ ᠲᠦᠮᠡᠨ ᠤ ᠡᠭᠦᠳᠣᠨ ᠪᠦᠲᠦᠭᠡᠬᠦ ᠵᠣᠷᠢᠭ ᠰᠠᠨᠠᠭ᠎ᠠ ᠶᠢ ᠬᠦᠶᠢᠴᠡᠳ ᠬᠦᠨᠳᠦᠳᠬᠡᠵᠦ᠂ ᠵᠠᠮ ᠨᠡᠭᠡᠭᠡᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠬᠡᠷᠡᠭᠲᠡᠢ᠃ ᠳᠦᠷᠪᠡᠳᠦᠭᠡᠷ ᠲᠤ᠂ ᠡᠷᠬᠡᠪᠰᠢ ᠪᠣᠳᠡᠲᠤ ᠦᠷ᠎ᠡ ᠪᠦᠲᠤᠮᠵᠢ ᠣᠯᠬᠤ ᠬᠡᠷᠡᠭᠲᠡᠢ᠃ ᠬᠠᠷᠢᠭᠤᠴᠠᠯᠭ᠎ᠠ ᠨᠢ ᠲᠣᠳᠣᠷᠬᠠᠢ᠂ ᠬᠡᠯᠬᠢᠶ᠎ᠡ ᠨᠢ ᠪᠦᠷᠢᠨ ᠪᠦᠲᠤᠨ᠂ ᠭᠤᠭᠴᠤᠭ᠎ᠠ ᠪᠦᠬᠦᠨ ᠢ ᠬᠤᠯᠪᠣᠭᠰᠠᠨ ᠦᠭᠡᠷᠡᠴᠢᠯᠠᠯᠲᠠ ᠶᠢ ᠠᠬᠢᠭᠤᠯᠬᠤ ᠲᠣᠭᠳᠠᠴᠠ ᠶᠢ ᠪᠠᠶᠢᠭᠤᠯᠤᠨ ᠪᠦᠷᠢᠨᠰᠢᠭᠦᠯᠵᠦ᠂ ᠦᠭᠡᠷᠡᠴᠢᠯᠡᠯᠲᠡ ᠶᠢᠨ ᠲᠦᠰᠤᠯ ᠢ ᠵᠢᠷᠦᠵᠦ ᠲᠦᠯᠦᠪᠯᠡᠬᠦ ᠠᠴᠠ ᠦᠭᠡᠷᠡᠴᠢᠯᠡᠯᠲᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠳᠤ ᠬᠦᠷᠳᠡᠯ᠎ᠠ ᠴᠥᠮ ᠨᠡᠶᠢᠳᠡᠪᠤᠷᠢᠵᠢᠭᠤᠯᠤᠯᠲᠠ ᠶᠢ ᠠᠳᠬᠤᠬᠤ ᠳᠤ ᠠᠰᠢᠭᠲᠠᠢ᠂ ᠠᠰᠠᠭᠤᠳᠠᠯ ᠢ ᠰᠢᠢᠳᠪᠦᠷᠢᠯᠡᠬᠦ ᠳᠤ ᠠᠰᠢᠭᠲᠠᠢ ᠪᠠᠶᠢᠵᠤ᠂ ᠪᠢᠴᠢᠭ ᠮᠠᠲ᠋ᠧᠷᠢᠶᠠᠯ ᠲᠣᠭᠲᠠᠭᠠᠬᠤ ᠶᠢ ᠴᠢᠬᠤᠯᠠᠴᠢᠯᠠᠵᠤ᠂ ᠪᠢᠴᠢᠭ ᠮᠠᠲ᠋ᠧᠷᠢᠶᠡᠯ ᠢ ᠨᠡᠶᠢᠲᠡᠪᠤᠷᠢᠵᠢᠭᠤᠯᠬᠤ ᠶᠢ ᠬᠦᠩᠭᠡᠪᠴᠢᠯᠡᠬᠦ ᠵᠡᠷᠭᠡ ᠨᠠᠵᠠᠭᠠᠢ ᠬᠡᠯᠪᠡᠷᠢᠯ ᠢ ᠰᠡᠷᠭᠡᠶᠢᠯᠡᠭᠦ ᠭᠡᠷᠡᠭᠳᠡᠢ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠳᠤᠤᠷ᠎ᠠ ᠬᠠᠭᠠᠰ ᠵᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠳᠤᠷ ᠬᠢᠬᠦ ᠬᠡᠷᠡᠭᠲᠡᠢ᠃ ᠨᠢᠭᠡᠳᠦᠭᠡᠷ ᠲᠤ ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠠ ᠶᠢᠨ ᠬᠠᠷᠠᠯᠲᠡ ᠶᠢ ᠡᠷᠡᠰ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ᠬᠤᠷᠸ᠎ᠠ ᠲᠦᠷᠤ ᠶᠢᠨ ᠪᠣᠳᠤᠯᠭ᠎ᠠ ᠶᠢ ᠰᠠᠶᠢᠳᠤᠷ ᠨᠡᠶᠢᠳᠡᠪᠤᠷᠢᠵᠢᠭᠤᠯᠵᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠢᠳᠡᠪᠬᠢᠳᠡᠢ ᠦᠷᠭᠡᠳᠬᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠭᠠᠳᠠᠭᠠᠲᠤ ᠠᠷᠠᠯᠵᠢᠶᠡᠨ ᠤ ᠰᠢᠨ᠎ᠡ ᠬᠦᠳᠡᠯᠭᠡᠬᠦ ᠡᠨᠧᠷᠬᠢ ᠶᠢ ᠲᠦᠷᠭᠡᠨ ᠪᠦᠶᠢᠵᠢᠭᠤᠯᠵᠤ᠂ ᠪᠤᠬᠢᠷᠳᠤᠯ ᠦᠭᠡᠢ ᠪᠠᠭ᠎ᠠ ᠨᠡᠭᠦᠷᠡᠰᠤᠳᠦ᠋ᠷᠦᠭᠴᠢᠲᠤ ᠬᠦᠭᠵᠢᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠶᠠᠳᠠᠭᠤ ᠠᠴᠠ ᠠᠩᠬᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠤᠨ ᠦᠷᠭᠡᠳᠭᠡᠬᠦ ᠬᠡᠷᠡᠭᠲᠡᠢ᠃ ᠬᠤᠶᠠᠳᠤᠭᠠᠷ ᠲᠤ᠂ ᠬᠥᠭᠵᠢᠯᠲᠡ ᠪᠠ ᠠᠮᠤᠷ ᠲᠥᠪᠰᠢᠨ ᠢ ᠰᠠᠶᠢᠳᠣᠷ ᠨᠢᠭᠡᠳᠦᠯᠲᠡᠢ ᠲᠦᠯᠤᠪᠵᠢᠭᠦᠯᠬᠦ ᠬᠡᠷᠡᠭᠳᠡᠢ᠃ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠬᠡᠶᠢᠯᠡᠨ ᠠᠷᠢᠯᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠠ ᠶᠢ ᠰᠠᠶᠢᠲᠤᠷ ᠨᠡᠶᠢᠲᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠭᠠᠮᠰᠢᠭ ᠢᠯᠠᠩᠭᠤᠶ᠎ᠠ ᠦᠶᠠᠷ ᠤᠰᠤᠳᠤᠯ ᠤᠨ ᠭᠠᠮᠰᠢᠭ ᠢ ᠬᠢᠨᠠᠨ ᠬᠡᠮᠵᠢᠬᠦ᠂ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠨᠡᠶᠢᠭᠡᠮ ᠤᠨ ᠠᠮᠤᠷ ᠲᠥᠪᠰᠢᠨ ᠤ ᠠᠶᠤᠯ ᠲᠦᠭᠰᠢᠭᠦᠷᠢ ᠶᠢ ᠰᠡᠷᠬᠡᠶᠢᠯᠡᠨ ᠡᠵᠡᠮᠳᠡᠬᠦ ᠲᠣᠣᠷ ᠢ ᠨᠢᠭᠲᠠ ᠰᠦᠯᠵᠢᠵᠦ᠂ ᠨᠡᠶᠢᠭᠡᠮ ᠤᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ᠃ ᠭᠠᠲᠠᠭᠠᠲᠤ ᠠᠶᠤᠯ ᠲᠦᠭᠰᠢᠭᠦᠷᠢ ᠦᠷᠢᠰᠤᠯᠳᠤᠭᠡᠨ ᠢ ᠪᠦᠲᠣᠮᠵᠢᠲᠠᠢ ᠠᠷᠭᠠᠴᠠᠭᠠᠵᠤ᠂ ᠠᠰᠢᠭᠲᠠᠢ ᠭᠠᠳᠠᠭᠠᠲᠤ ᠣᠷᠴᠢᠨ ᠨᠦᠭᠦᠴᠡᠯ ᠢ ᠰᠠᠨᠠᠭᠠᠴᠢᠯᠠᠭ᠎ᠠ ᠠᠴᠠ ᠪᠠᠨ ᠪᠣᠢ ᠪᠣᠯᠭᠠᠬᠤ ᠬᠡᠷᠡᠭᠲᠡᠢ᠃ ᠭᠤᠷᠪᠡᠳᠤᠭᠠᠷ ᠲᠤ᠂ ︽ᠳᠠᠪᠤᠨ ᠵᠢᠯ ᠤᠨ ᠲᠦᠯᠥᠪᠵᠢᠭᠦᠯᠭᠡ︾᠎ ᠶᠢ ᠳ᠋ᠦᠩᠨᠡᠨ ᠦᠨᠡᠯᠡᠬᠦ ᠪᠠ ᠠᠷᠭ᠎ᠠ ᠤᠬᠠᠭᠠᠨ ᠰᠦᠪᠡᠭᠴᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ︽ᠠᠷᠪᠡᠨ ᠳᠥᠷᠪᠡᠳᠦᠭᠡᠷ ᠳᠠᠪᠤᠨ ᠵᠢᠯ︾᠎ ᠤᠨ ᠲᠦᠯᠤᠪᠵᠢᠭᠦᠯᠭᠡ ᠶᠢ ᠨᠠᠶᠢᠲᠠᠪᠤᠷᠢᠵᠢᠭᠤᠯᠤᠭᠰᠠᠨ ᠪᠠᠶᠢᠳᠠᠯ ᠢ ᠳ᠋ᠦᠩᠨᠡᠨ ᠦᠨᠡᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠦᠯᠤᠪᠵᠢᠭᠦᠯᠭᠡ ᠶᠢᠨ ᠡᠮᠦᠨᠠᠬᠢ ᠬᠤᠭᠤᠴᠠᠭᠠᠨ ᠤ ᠲᠦᠰᠦᠪᠯᠡᠬᠦ ᠠᠵᠢᠯ ᠢ ᠦᠨᠡᠨ ᠬᠦ ᠰᠠᠶᠢᠳᠤᠷ ᠬᠢᠬᠦ ᠬᠡᠷᠡᠭᠲᠡᠢ᠃ ᠳᠥᠷᠪᠡᠳᠦᠭᠡᠷ ᠲᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠬᠦᠨᠵᠡᠭᠡᠢ ᠠᠬᠢᠭᠤᠯᠬᠤ ᠬᠡᠷᠡᠭᠲᠡᠢ᠃ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠢ ᠤᠶᠠᠯᠳᠤᠭᠤᠯᠤᠨ ᠨᠠᠮ ᠤᠨ ᠰᠢᠨ᠎ᠡ ᠡᠭᠦᠳᠦᠯᠲᠠ ᠶᠢᠨ ᠤᠨᠤᠯ ᠢᠶᠠᠷ ᠵᠡᠪᠰᠡᠭᠯᠡᠬᠦ ᠶᠢ ᠰᠠᠶᠢᠳᠤᠷ ᠠᠳᠬᠤᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠦᠨ᠂ ᠰᠤᠷᠲᠠᠯ ᠢᠶᠠᠨ ᠦᠨᠡᠨ ᠬᠦ ᠰᠠᠶᠢᠵᠢᠷᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠳᠠᠯ ᠤᠨ ᠠᠷᠬᠠᠭ ᠬᠡᠮ ᠢ ᠢᠯᠠᠨ ᠳᠠᠪᠠᠵᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠬᠦᠨᠵᠡᠭᠡᠢ ᠠᠬᠢᠭᠤᠯᠤᠨ᠂ ᠭᠤᠣᠯ ᠰᠡᠲᠤᠪᠲᠤ ᠬᠦᠮᠤᠵᠢᠯ ᠤᠨ ᠦᠷ᠎ᠡ ᠪᠦᠲᠦᠭᠡᠯ ᠢ ᠪᠠᠬᠢᠵᠢᠭᠦᠯᠣᠨ ᠦᠷᠭᠡᠳᠭᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠥᠵᠢᠯ ᠢ ᠬᠦᠨᠵᠡᠭᠡᠶᠢᠷᠡᠭᠦᠯᠦᠨ᠂ ᠨᠠᠮ ᠤᠨ ᠪᠦᠳᠦᠭᠡᠯᠴᠢ ᠬᠦᠴᠦᠨ᠂ ᠨᠢᠭᠲᠠᠷᠠᠯ ᠤᠨ ᠬᠦᠴᠤᠨ᠂ ᠲᠠᠶᠢᠴᠢᠨ ᠬᠦᠴᠣᠨ ᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠡᠪᠠ᠃    ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号