ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠬᠤᠶᠠᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠬᠠᠶᠢᠷᠤᠪ ᠤᠨ ᠲᠤᠬᠤᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠴᠠᠭᠳᠠᠭᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠲᠥᠪ ᠲᠤ ᠶᠠᠪᠤᠭᠳᠠᠪᠠ
ᠨᠡᠶᠢᠲᠡᠯᠡᠭᠰᠡᠨ ᠴᠠᠭ᠄
2024/9/2
    8 ᠰᠠᠷ᠎ᠠ ᠶᠢᠨ 30᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠬᠤᠶᠠᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠬᠠᠶᠢᠷᠤᠪ ᠤᠨ ᠲᠤᠬᠤᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠴᠠᠭᠳᠠᠭᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠲᠥᠪ ᠲᠤ ᠶᠠᠪᠤᠭᠳᠠᠪᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ ᠪᠠᠶᠠᠷ ᠤᠨ ᠦᠭᠡ ᠬᠡᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠶᠢᠷᠤᠪ ᠤᠨ ᠲᠤᠬᠤᠢ ᠶᠢᠨ ᠬᠤᠪᠢᠶᠠᠷᠢ ᠲᠣᠪᠴᠢᠶᠠᠨ ᠤ ᠨᠠᠮ ᠤᠨ ᠬᠤᠷᠢᠶᠠᠨ ᠤ ᠱᠦᠵᠢ ᠯᠢ ᠵᠢᠶᠠᠨ ᠮᠢᠩ ᠡᠬᠢᠯᠡᠯᠲᠡ ᠶᠢᠨ ᠶᠣᠰᠣᠯᠠᠯ ᠢ ᠡᠷᠬᠢᠯᠡᠪᠡ᠃
    ᠡᠬᠢᠯᠡᠯᠲᠡ ᠶᠢᠨ ᠶᠣᠰᠣᠯᠠᠯ ᠳᠡᠭᠡᠷ᠎ᠡ᠂ ᠡᠯ᠎ᠡ ᠲᠥᠯᠥᠭᠡᠯᠡᠭᠴᠢᠳ ᠤᠨ ᠠᠩᠭᠢ ᠴᠤᠭ ᠵᠢᠪᠬᠤᠭ᠎ᠠ ᠪᠠᠳᠠᠷᠠᠩᠭᠤᠶ ᠠᠯᠬᠤᠭ᠎ᠠ ᠪᠠᠷ ᠬᠤᠷᠠᠯ ᠤᠨ ᠲᠠᠯᠠᠪᠠᠶ ᠳᠤ ᠣᠷᠣᠵᠤ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠪᠡ᠃
    ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠭᠰᠡᠨ ᠨᠢ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠵᠤ᠂ ᠪᠡᠶ᠎ᠡ ᠮᠠᠬᠠᠪᠣᠳ ᠢ ᠴᠢᠭᠢᠷᠠᠭᠵᠢᠭᠤᠯᠤᠭᠰᠠᠨ ᠢᠶᠠᠷ ᠪᠠᠷᠠᠬᠤ ᠦᠭᠡᠢ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢ ᠨᠡᠩ ᠴᠢᠩᠭᠠᠷᠠᠭᠤᠯᠪᠠ᠃ ᠥᠷᠭᠡᠨ ᠣᠯᠠᠨ ᠺᠠᠳ᠋ᠷ ᠴᠠᠭᠳᠠᠭ᠎ᠠ ᠨᠠᠷ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤᠮᠳᠠ ᠢᠯᠡᠷᠡᠭᠦᠯᠦᠭᠰᠡᠨ ᠪᠦᠯᠬᠦᠮᠳᠡᠨ ᠬᠠᠮᠵᠢᠯᠴᠠᠬᠤ᠂ ᠨᠤᠭᠤᠷᠠᠰᠢ ᠥᠬᠡᠶ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠮᠤᠷ ᠲᠦᠪᠰᠢᠨ ᠤ ᠪᠠᠶᠢᠭᠤᠯᠤᠯᠲᠠ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠡᠶ᠃
    ᠲᠣᠰ ᠤᠳᠠᠭᠠᠨ ᠤ ᠠᠵᠢᠯᠯᠠᠭ᠎ᠠ ᠶᠢ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠠᠴᠠ ᠭᠤᠤᠯᠯᠠᠨ ᠡᠷᠬᠢᠯᠡᠵᠦ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠶᠢᠷᠤᠪ ᠤᠨ ᠲᠣᠬᠤᠢ ᠶᠢᠨ ᠬᠤᠪᠢᠶᠠᠷᠢ ᠲᠣᠪᠴᠢᠶ᠎ᠠ ᠳᠠᠭᠠᠭᠠᠴᠢᠯᠠᠨ ᠡᠷᠬᠢᠯᠡᠵᠦ᠂ ᠬᠠᠶᠢᠷᠤᠪ ᠤᠨ ᠲᠣᠬᠤᠢ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠪᠣᠯᠤᠨ ᠬᠠᠶᠢᠷᠤᠪ ᠤᠨ ᠲᠣᠬᠤᠢ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠬᠠᠮᠲᠤᠪᠠᠷ ᠬᠠᠮᠵᠢᠯᠴᠠᠨ ᠡᠷᠭᠢᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号