ᠬᠠᠶᠢᠷᠤᠪ ᠤᠨ ᠲᠤᠬᠤᠢ ᠲᠣᠭᠤᠷᠢᠭ 2024 ᠣᠨ ᠤ ᠦᠬᠠᠢ ᠬᠤᠳᠠ ᠶᠢᠨ ᠢᠷᠭᠡᠨ ᠤ ᠪᠡᠶ᠎ᠡ ᠮᠠᠬᠠᠪᠣᠳ ᠢ ᠬᠢᠨᠠᠨ ᠬᠡᠮᠵᠢᠬᠦ ᠵᠢᠴᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠪᠠᠶᠢᠳᠠᠯ ᠢ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/9/2
    8 ᠰᠠᠷ᠎ᠠ ᠶᠢᠨ 30 ᠤ ᠡᠳᠦᠷ᠂ ᠬᠠᠶᠢᠷᠤᠪ ᠤᠨ ᠲᠤᠬᠤᠢ ᠲᠣᠭᠤᠷᠢᠭ 2024 ᠣᠨ ᠤ ᠦᠬᠠᠢ ᠬᠤᠳᠠ ᠶᠢᠨ ᠢᠷᠭᠡᠨ ᠤ ᠪᠡᠶ᠎ᠡ ᠮᠠᠬᠠᠪᠣᠳ ᠢ ᠬᠢᠨᠠᠨ ᠬᠡᠮᠵᠢᠬᠦ ᠵᠢᠴᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠪᠠᠶᠢᠳᠠᠯ ᠢ ᠪᠠᠶᠢᠴᠠᠭᠠᠬᠤ ᠠᠵᠢᠯ ᠢ ᠥᠷᠨᠢᠭᠦᠯᠪᠡ ᠃
       ᠬᠠᠶᠢᠷᠤᠪ ᠤᠨ ᠲᠣᠬᠤᠢ ᠲᠣᠭᠤᠷᠢᠭ ᠤᠨ ᠭᠤᠸᠠᠩ ᠮᠢᠩ ᠵᠠᠮ ᠤᠨ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ᠤᠯᠤᠰ ᠠᠷᠠᠳ ᠤᠨ ᠪᠡᠶ᠎ᠡ ᠮᠠᠬᠠᠪᠣᠳ ᠢ ᠬᠢᠨᠠᠨ ᠬᠡᠮᠵᠢᠬᠦ ᠴᠡᠭ ᠪᠠᠶᠢᠭᠤᠯᠵᠤ᠂ ᠦᠯᠢᠭᠡᠷ ᠠᠪᠴᠤ ᠬᠢᠨᠠᠨ ᠬᠡᠮᠵᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ 20 ᠠᠴᠠ 59 ᠪᠦᠬᠦᠯᠢ ᠨᠠᠰᠤᠨ ᠤ ᠨᠠᠰᠤᠨ ᠳᠤ ᠬᠦᠷᠦᠭᠰᠡᠳ᠂ 60 ᠠᠴᠠ 79 ᠪᠦᠬᠦᠯᠢ ᠨᠠᠰᠤᠨ ᠤ ᠨᠠᠰᠤᠲᠠᠶᠢᠴᠤᠳ ᠵᠡᠷᠭᠡ ᠬᠤᠶᠠᠷ ᠵᠦᠢᠯ ᠤᠨ ᠬᠥᠮᠦᠰ ᠲᠤ ᠪᠡᠶ᠎ᠡ ᠮᠠᠬᠠᠪᠣᠳ ᠤᠨ ᠬᠢᠨᠠᠨ ᠬᠡᠮᠵᠢᠯᠲᠡ ᠬᠢᠪᠡ᠃ ᠬᠢᠨᠠᠨ ᠬᠡᠮᠵᠢᠬᠦ ᠲᠦᠷᠦᠯ ᠵᠦᠢᠯ ᠨᠢ ᠪᠡᠶ᠎ᠡ ᠶᠢᠨ ᠬᠡᠯᠪᠡᠷᠢ ︵ᠪᠡᠶ᠎ᠡ ᠶᠢᠨ ᠥᠨᠳᠥᠷ᠂ ᠪᠡᠶ᠎ᠡ ᠶᠢᠨ ᠬᠦᠨᠳᠦ ᠶᠢᠨ ᠰᠢᠩᠭᠡᠨ ᠤ ᠨᠤᠷᠮ᠎ᠠ᠂ ᠪᠦᠰᠡᠯᠢᠭ ᠵᠡᠷᠭᠡ︶᠂ ᠪᠡᠶ᠎ᠡ ᠶᠢᠨ ᠠᠵᠢᠯᠯᠠᠭᠠᠨ ᠤ ᠴᠢᠳᠠᠪᠤᠷᠢ ︵ᠠᠭᠤᠰᠬᠢᠨ ᠤ ᠢᠳᠡᠪᠬᠢᠵᠢᠯ ᠤᠨ ᠬᠡᠮᠵᠢᠶ᠎ᠡ᠂ ᠰᠤᠳᠠᠯ ᠤᠨ ᠯᠤᠭᠰᠢᠯᠲᠠ᠂ ᠴᠢᠰᠤᠨ ᠳᠠᠷᠤᠯᠲᠠ ᠵᠡᠷᠭᠡ︶᠂ ᠪᠡᠶ᠎ᠡ ᠮᠠᠬᠠᠪᠣᠳ ᠤᠨ ᠬᠡᠪ ᠴᠢᠨᠠᠷ ︵ᠠᠳᠬᠤᠬᠤ ᠬᠦᠴᠦᠨ᠂ ᠡᠭᠦᠷᠬᠦ ᠬᠦᠴᠦᠨ᠂ ᠭᠤᠯᠳᠤ ᠦᠰᠦᠷᠦᠯᠲᠡ ᠵᠡᠷᠭᠡ︶ ᠵᠡᠷᠭᠡ ᠭᠤᠷᠪᠠᠨ ᠲᠠᠯ᠎ᠠ ᠪᠠᠶᠢᠳᠠᠭ᠃ ᠰᠢᠯᠭᠠᠭᠴᠢ ᠨᠢᠭᠡᠪᠦᠷᠢ ᠶᠢᠨ ᠪᠡᠶ᠎ᠡ ᠮᠠᠬᠠᠪᠣᠳ ᠤᠨ ᠲᠤᠭ᠎ᠠ ᠪᠠᠷᠢᠮᠲᠠ ᠶᠢ ᠡᠯᠧᠺᠲᠷᠣᠨ ᠰᠢᠰᠲ᠋ᠧᠮ ᠳᠤ ᠦᠳᠲᠡᠷ ᠲᠦᠷᠭᠡᠨ ᠣᠷᠣᠭᠤᠯᠵᠤ᠂ ᠰᠢᠯᠭᠠᠭᠴᠢ ᠳᠤ ᠥᠪᠡᠷ ᠤᠨ ᠪᠡᠶ᠎ᠡ ᠮᠠᠬᠠᠪᠣᠳ ᠤᠨ ᠪᠠᠶᠢᠳᠠᠯ ᠢ ᠨᠠᠩ ᠰᠢᠭᠤᠳ ᠣᠶᠢᠯᠠᠭᠠᠭᠤᠯᠵᠤ᠂ ᠰᠡᠭᠦᠯᠴᠢ ᠶᠢᠨ ᠬᠤᠭᠤᠴᠠᠭᠠᠨ ᠤ ᠬᠠᠨᠳᠤᠯᠭᠠᠲᠤ ᠴᠢᠨᠠᠷᠲᠠᠶ ᠰᠢᠨᠵᠢᠯᠡᠬᠦ ᠤᠬᠠᠭᠠᠨᠴᠢ ᠬᠥᠳᠡᠯᠭᠡᠭᠡᠨ ᠪᠠ ᠡᠷᠡᠭᠦᠯ ᠰᠠᠷᠠᠭᠤᠯ ᠢᠳᠡᠭᠡᠨ ᠤᠮᠳᠠᠭᠠᠨ ᠳᠤ ᠬᠦᠴᠦᠲᠡᠶ ᠦᠨᠳᠦᠰᠦᠯᠡᠯ ᠬᠠᠩᠭᠠᠨ᠎ᠠ᠃
    ᠡᠭᠦᠨ ᠤ ᠬᠠᠮᠲᠤ᠂ ᠬᠤᠲᠠ ᠶᠢᠨ ᠠᠷᠠᠳ ᠪᠠᠰᠠ ᠸᠢᠴᠠᠲ ᠢᠶᠠᠷ ᠳᠠᠮᠵᠢᠭᠤᠯᠤᠨ ᠬᠤᠶᠠᠷ ᠬᠡᠮᠵᠢᠯᠳᠦ ᠺᠣᠳ᠋ ᠢ ᠰᠢᠷᠪᠢᠬᠦ ᠪᠠᠷ ᠳᠠᠮᠵᠢᠭᠤᠯᠤᠨ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠬᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠶᠢᠴᠠᠭᠠᠯᠲᠠ ᠶᠢᠨ ᠳᠥᠭᠦᠮ ᠳᠥᠲᠡ ᠴᠢᠨᠠᠷ ᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ ᠪᠠᠶᠢᠴᠠᠭᠠᠯᠲᠠ ᠶᠢᠨ ᠠᠭᠤᠯᠭ᠎ᠠ ᠳᠤ ᠦᠨᠳᠦᠰᠦᠨ ᠮᠡᠳᠡᠭᠡ ᠵᠠᠩᠭᠢ᠂ ᠣᠷᠣᠯᠴᠠᠬᠤ ᠳᠠᠪᠲᠠᠮᠵᠢ᠂ ᠬᠥᠳᠡᠯᠭᠡᠭᠡᠨ ᠤ ᠬᠡᠯᠪᠡᠷᠢ᠂ ᠪᠣᠯᠪᠠᠰᠤᠷᠠᠯ ᠤᠨ ᠲᠠᠯᠠᠪᠤᠷ᠂ ᠬᠥᠳᠡᠯᠭᠡᠭᠡᠨ ᠤ ᠡᠷᠴᠢᠮ ᠵᠡᠷᠭᠡ ᠣᠯᠠᠨ ᠲᠠᠯ᠎ᠠ ᠶᠢ ᠬᠠᠮᠤᠷᠴᠤ᠂ ᠣᠳᠣᠬᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠦᠷ᠎ᠡ ᠪᠦᠲᠦᠮᠵᠢ ᠶᠢ ᠦᠨᠡᠯᠡᠨ ᠵᠢᠱᠢᠬᠦ ᠪᠠ ᠢᠷᠡᠭᠡᠳᠦᠶ ᠶᠢᠨ ᠲᠥᠯᠥᠪᠯᠡᠭᠡ ᠶᠢ ᠲᠣᠭᠲᠠᠭᠠᠬᠤ ᠳᠤ ᠡᠷᠬᠢᠮ ᠨᠠᠨᠳᠢᠨ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠭᠰᠠᠨ ᠪᠠᠶᠢᠨ᠎ᠠ᠃    ᠬᠠᠶᠢᠷᠤᠪ ᠤᠨ ᠲᠣᠬᠤᠢ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠵᠢᠯᠲᠠᠨ ᠲᠢᠶᠠᠨ ᠰᠦ᠋ ᠵᠢᠤᠢ᠄ ︽ᠤᠯᠤᠰ ᠠᠷᠠᠳ ᠤᠨ ᠪᠡᠶ᠎ᠡ ᠮᠠᠬᠠᠪᠣᠳ ᠢ ᠬᠢᠨᠠᠨ ᠬᠡᠮᠵᠢᠬᠦ ᠪᠣᠯ ᠬᠡᠪᠰᠢᠭᠰᠡᠨ ᠠᠵᠢᠯ ᠮᠥᠨ᠂ ᠬᠢᠨᠠᠨ ᠬᠡᠮᠵᠢᠬᠦ ᠠᠵᠢᠯᠯᠠᠭ᠎ᠠ ᠪᠠᠷ ᠳᠠᠮᠵᠢᠭᠤᠯᠤᠨ ᠬᠤᠲᠠ ᠶᠢᠨ ᠠᠷᠠᠳ ᠲᠤ ᠲᠣᠰ ᠪᠡᠶ᠎ᠡ ᠶᠢᠨ ᠡᠷᠡᠭᠦᠯ ᠮᠡᠨᠳᠦ ᠪᠠᠨ ᠠᠩᠬᠠᠷᠬᠤ ᠪᠠᠷ ᠪᠠᠷᠠᠬᠤ ᠥᠬᠡᠶ ᠪᠠᠰᠠ ᠲᠡᠳᠡᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠡᠶ᠃ ᠪᠢᠳᠡ ᠰᠢᠨᠵᠢᠯᠡᠬᠦ ᠤᠬᠠᠭᠠᠨᠴᠢ ᠲᠤᠭ᠎ᠠ ᠪᠠᠷᠢᠮᠲᠠ ᠶᠢᠨ ᠵᠠᠳᠠᠯᠤᠯᠲᠠ ᠪᠠᠷ ᠳᠠᠮᠵᠢᠭᠤᠯᠤᠨ᠂ ᠨᠠᠩ ᠣᠨᠣᠪᠴᠢᠲᠠᠶ ᠪᠡᠶ᠎ᠡ ᠴᠢᠭᠢᠷᠠᠭᠵᠢᠭᠤᠯᠬᠤ ᠵᠢᠯᠣᠭᠤᠳᠬᠤ ᠲᠥᠷᠥ ᠶᠢᠨ ᠪᠣᠳᠣᠯᠭ᠎ᠠ ᠲᠣᠭᠲᠠᠭᠠᠬᠤ ᠳᠤ ᠬᠦᠴᠦᠲᠡᠶ ᠳᠡᠮᠵᠢᠯᠭᠡ ᠬᠠᠩᠭᠠᠬᠤ ᠶᠢ ᠬᠦᠰᠡᠵᠦ ᠪᠠᠶᠢᠨ᠎ᠠ︾ ᠭᠡᠵᠡᠶ᠃    ᠲᠣᠰ ᠤᠳᠠᠭᠠᠨ ᠤ ᠬᠢᠨᠠᠨ ᠬᠡᠮᠵᠢᠬᠦ ᠠᠵᠢᠯ 2 ᠡᠳᠦᠷ ᠶᠠᠪᠤᠭᠳᠠᠵᠤ᠂ ᠨᠡᠶᠢᠲᠡ 246 ᠠᠵᠢᠯᠲᠠᠨ ᠰᠢᠯᠭᠠᠨ ᠲᠤᠷᠰᠢᠵᠤ᠂ ᠬᠠᠶᠢᠷᠤᠪ ᠤᠨ ᠲᠣᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ ᠤᠯᠤᠰ ᠠᠷᠠᠳ ᠤᠨ ᠪᠡᠶ᠎ᠡ ᠮᠠᠬᠠᠪᠣᠳ ᠢ ᠬᠢᠨᠠᠨ ᠬᠡᠮᠵᠢᠬᠦ ᠪᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠨ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠡᠷᠡᠭᠦᠯ ᠮᠡᠨᠳᠦ ᠶᠢᠨ ᠬᠥᠮᠦᠵᠢᠯ ᠪᠣᠯᠤᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠭᠦᠨᠵᠡᠭᠡᠶᠢᠷᠡᠨ ᠥᠷᠨᠢᠬᠦ ᠶᠢ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号