ᠦᠰᠦᠭ ᠪᠢᠴᠢᠭ ᠤᠨ ᠲᠠᠶᠢᠯᠤᠮᠵᠢ᠄ ︽ᠬᠠᠶᠢᠷᠤᠪ ᠤᠨ ᠲᠤᠬᠤᠢ ᠲᠣᠭᠤᠷᠢᠭ ᠤᠨ 2024 ᠣᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠰᠦᠯ︾ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2024/9/20
    ᠨᠢᠭᠡ᠂ ᠲᠤᠭᠤᠷᠪᠢᠭᠰᠠᠨ ᠠᠬᠤᠶ ᠪᠠᠶᠢᠳᠠᠯ ᠪᠠ ᠶᠠᠪᠤᠴᠠ    ᠲᠤᠭᠤᠷᠪᠢᠭᠰᠠᠨ ᠠᠬᠤᠶ ᠪᠠᠶᠢᠳᠠᠯ᠄ ᠡᠨᠡ ᠵᠢᠯ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠤᠷᠢᠳ ᠬᠤᠵᠢᠳ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠭᠤᠤᠯᠳᠠᠯᠭ᠎ᠠ ᠪᠠ ᠠᠵᠢᠯᠯᠠᠭᠠᠨ ᠤ ᠲᠥᠰᠦᠯ ᠢ ᠳᠠᠷᠤᠮᠠᠯᠯᠠᠨ ᠲᠠᠷᠬᠠᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠤᠨ ᠰᠢᠯᠢᠳᠡᠭᠵᠢᠭᠦᠯᠬᠦ ᠳᠤ ᠲᠣᠳᠣᠷᠬᠠᠶ ᠵᠢᠯᠣᠭᠤᠳᠣᠯᠭ᠎ᠠ ᠪᠠ ᠪᠣᠳᠠᠲᠠᠶ ᠱᠠᠭᠠᠷᠳᠠᠯᠭ᠎ᠠ ᠬᠠᠩᠭᠠᠪᠠ᠃ ᠲᠤᠭᠤᠷᠢᠭ ᠤᠨ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠮᠠᠨ ᠤ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠤᠯᠳᠠᠯᠭ᠎ᠠ ᠲᠠᠢ ᠰᠢᠪᠲᠤᠯᠤᠯᠲᠠ ᠬᠢᠵᠦ᠂ ᠣᠯᠠᠨ ᠲᠠᠯ᠎ᠠ ᠪᠠᠷ ᠰᠢᠯᠢᠳᠡᠭ ᠪᠣᠯᠬᠤ ᠪᠠᠷ ᠴᠢᠷᠮᠠᠶᠢᠵᠤ᠂ ᠡᠯ᠎ᠡ ᠵᠦᠢᠯ ᠤᠨ ᠦᠨᠡᠯᠡᠨ ᠵᠢᠱᠢᠬᠦ ᠭᠦᠢᠴᠡᠳᠭᠡᠯ ᠲᠤᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠪᠠᠲᠤᠯᠠᠵᠤ᠂ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠨ᠎ᠠ᠃    ᠲᠤᠭᠤᠷᠪᠢᠬᠤ ᠶᠠᠪᠤᠴᠠ᠄ 6 ᠰᠠᠷ᠎ᠠ ᠶᠢᠨ 13 ᠤ ᠡᠳᠦᠷ᠂ ᠲᠣᠭᠤᠷᠢᠭ ᠤᠨ ᠬᠤᠳᠠᠯᠳᠤᠭ᠎ᠠ ᠡᠷᠬᠢᠯᠡᠬᠦ ᠠᠯᠪᠠᠨ ᠭᠡᠷ ︽ᠬᠠᠶᠢᠷᠤᠪ ᠤᠨ ᠲᠤᠬᠤᠢ ᠲᠣᠭᠤᠷᠢᠭ ᠤᠨ 2024 ᠣᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠶᠠᠰᠤ ᠴᠢᠨᠠᠷ ᠢ ᠰᠢᠯᠢᠳᠡᠭᠵᠢᠭᠦᠯᠬᠦ ᠠᠵᠢᠯᠯᠠᠭ᠎ᠠ ᠶᠢᠨ ᠲᠥᠰᠦᠯ ᠤᠨ ᠡᠭᠦᠷᠭᠡ ᠶᠢᠨ ᠨᠠᠷᠢᠨ ᠲᠠᠩᠰᠠ ᠶᠢ ᠡᠮᠬᠢᠯᠡᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠠᠴᠠ ᠡᠨᠡ ᠵᠢᠯ ᠤᠨ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠴᠤᠭᠯᠠᠭᠤᠯᠪᠠ᠃ ᠡᠨᠡ ᠬᠦ ᠰᠠᠭᠤᠷᠢᠨ ᠳᠡᠭᠡᠷ᠎ᠡ᠂ ᠦᠬᠠᠶ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ 4.0 ᠲᠥᠰᠦᠯ ᠪᠠ ︽2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠯᠡᠨ ᠵᠢᠱᠢᠭᠰᠡᠨ ᠮᠡᠳᠡᠭᠦᠯᠦᠯᠲᠡ ︵ᠬᠠᠶᠢᠷᠤᠪ ᠤᠨ ᠲᠣᠬᠤᠶ ᠲᠣᠭᠤᠷᠢᠭ ᠤᠨ ᠬᠤᠪᠢᠶᠠᠷᠢ ᠮᠡᠳᠡᠭᠦᠯᠦᠯᠲᠡ︶︾ ᠶᠢᠨ 19 ᠵᠦᠢᠯ ᠤᠨ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠵᠡᠷᠭᠡ ᠠᠭᠤᠯᠭ᠎ᠠ ᠲᠠᠢ ᠤᠶᠠᠯᠳᠤᠭᠤᠯᠤᠨ᠂ ︽ᠬᠠᠶᠢᠷᠤᠪ ᠤᠨ ᠲᠣᠬᠤᠶ ᠲᠣᠭᠤᠷᠢᠭ ᠤᠨ 2024 ᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠤ ᠲᠥᠰᠦᠯ ︵ᠰᠠᠨᠠᠯ ᠬᠤᠷᠢᠶᠠᠬᠤ ᠨᠣᠤᠷᠠᠭ︶︾ ︵ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠲᠤᠭᠤᠷᠪᠢᠪᠠ᠃ 7 ᠰᠠᠷ᠎ᠠ ᠶᠢᠨ 12 ᠤᠨ ᠡᠳᠦᠷ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠠᠯᠪᠠᠨ ᠬᠡᠷ ︽︿ᠬᠠᠶᠢᠷᠤᠪ ᠤᠨ ᠲᠤᠬᠤᠢ ᠲᠣᠭᠤᠷᠢᠭ ᠤᠨ 2024 ᠣᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠰᠦᠯ ︵ᠰᠠᠨᠠᠯ ᠬᠤᠷᠢᠶᠠᠬᠤ ᠨᠣᠤᠷᠠᠭ︶﹀ ᠶᠢᠨ ᠰᠠᠨᠠᠯ ᠢ ᠬᠤᠷᠢᠶᠠᠬᠤ ᠲᠤᠬᠠᠶ ᠵᠠᠬᠢᠳᠠᠯ︾ ᠢ ᠳᠠᠷᠤᠮᠠᠯᠯᠠᠨ ᠲᠠᠷᠬᠠᠭᠠᠵᠤ᠂ ᠰᠠᠨᠠᠯ ᠢ ᠦᠨᠳᠦᠰᠦᠯᠡᠨ ︽ᠲᠥᠰᠦᠯ︾ ᠳᠤ ᠵᠠᠰᠠᠪᠤᠷᠢ ᠣᠷᠣᠭᠤᠯᠪᠠ᠃    ᠬᠤᠶᠠᠷ᠂ ᠲᠥᠰᠦᠯ ᠤᠨ ᠭᠤᠣᠯ ᠠᠭᠤᠯᠭ᠎ᠠ ᠪᠠ ᠣᠨᠴᠠᠯᠢᠭ   ︽ᠲᠥᠰᠦᠯ︾ ᠤᠨ ᠭᠤᠤᠯ ᠠᠭᠤᠯᠭ᠎ᠠ ᠶᠢ ᠭᠤᠷᠪᠠᠨ ᠬᠡᠰᠡᠭ ᠬᠤᠪᠢᠶᠠᠨ᠎ᠠ᠄ ᠨᠢᠭᠡᠳᠦᠭᠡᠷ ᠬᠡᠰᠡᠭ ᠶᠡᠷᠦᠩᠬᠡᠶ ᠱᠠᠭᠠᠷᠳᠠᠯᠭ᠎ᠠ᠂ ᠬᠤᠶᠠᠳᠤᠭᠠᠷ ᠬᠡᠰᠡᠭ ᠬᠠᠷᠠᠯᠲᠠ ᠡᠭᠦᠷᠭᠡ᠂ ᠭᠤᠷᠪᠠᠳᠤᠭᠠᠷ ᠬᠡᠰᠡᠭ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠡᠭᠦᠨ ᠤ ᠭᠤᠤᠯ ᠬᠠᠷᠠᠯᠲᠠ ᠪᠣᠯ ᠠᠵᠤ ᠠᠬᠤᠶᠢᠯᠠᠯ ᠤᠨ ᠪᠥᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠰᠢᠯᠢᠳᠡᠭᠵᠢᠭᠦᠯᠵᠦ᠂ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ᠂ ᠬᠦᠴᠦᠨ ᠵᠦᠢᠯ ᠤᠨ ᠪᠠᠲᠤᠯᠠᠭ᠎ᠠ ᠶᠢᠨ ᠣᠷᠴᠢᠨ ᠲᠣᠭᠤᠷᠢᠨ᠂ ᠬᠠᠤᠯᠢ ᠪᠠᠷ ᠵᠠᠰᠠᠬᠤ ᠬᠢᠨᠠᠯᠲᠠ ᠬᠠᠮᠢᠶᠠᠷᠤᠯᠲᠠ ᠶᠢᠨ ᠣᠷᠴᠢᠨ ᠲᠣᠭᠤᠷᠢᠨ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠣᠷᠴᠢᠨ ᠲᠣᠭᠤᠷᠢᠨ ᠵᠡᠷᠭᠡ ᠳᠥᠷᠪᠡᠨ ᠲᠠᠯ᠎ᠠ ᠠᠴᠠ 145 ᠵᠦᠢᠯ ᠤᠨ ᠪᠣᠳᠠᠲᠠᠶ ᠡᠭᠦᠷᠭᠡ ᠶᠢ ᠲᠣᠳᠣᠷᠬᠠᠶᠢᠯᠠᠵᠤ᠂ ᠣᠷᠣᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠢ ᠲᠣᠭᠲᠠᠭᠰᠠᠨ ᠴᠠᠭ ᠤᠨ ᠬᠢᠵᠠᠭᠠᠷ ᠶᠣᠰᠣᠭᠠᠷ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃    ᠨᠢᠭᠡ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠᠷ ᠬᠥᠲᠥᠯᠦᠮᠵᠢ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢᠨ ᠪᠠᠶᠢᠭᠤᠯᠤᠯᠲᠠ ᠶᠢ ᠠᠬᠢᠭᠤᠯᠬᠤ᠂ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠬᠡᠷᠡᠭᠯᠡᠯᠲᠡ ᠶᠢ ᠴᠢᠩᠭᠠᠳᠬᠠᠬᠤ᠂ ᠡᠵᠡᠩᠨᠡᠯᠲᠡ ᠶᠢᠨ ᠭᠤᠤᠯ ᠴᠣᠭᠴᠠ ᠶᠢ ᠳᠡᠩᠰᠡᠯᠡᠨ ᠲᠡᠮᠳᠡᠭᠯᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠬᠦ ᠵᠡᠷᠭᠡ 8 ᠲᠠᠯ᠎ᠠ ᠠᠴᠠ 59 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠳᠤᠷᠠᠳᠴᠤ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠨᠠᠩ ᠳᠥᠭᠦᠮ ᠳᠥᠲᠡ ᠥᠨᠳᠥᠷ ᠪᠦᠲᠦᠮᠵᠢᠲᠡᠶ ᠪᠠᠶᠢᠬᠤ ᠶᠢ ᠬᠦᠴᠦᠯᠡᠨ ᠠᠬᠢᠭᠤᠯᠪᠠ᠃    ᠬᠤᠶᠠᠷ ᠲᠤ᠂ ᠣᠷᠴᠢᠨ ᠲᠣᠭᠤᠷᠢᠨ ᠢ ᠪᠠᠲᠤᠯᠠᠵᠤ᠂ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢᠨ ᠭᠦᠢᠴᠡᠳᠬᠡᠯ ᠲᠤᠭ᠎ᠠ᠂ ᠬᠦᠷᠢᠶᠡᠯᠡᠩ ᠲᠣᠭᠤᠷᠢᠭ ᠤᠨ ᠭᠠᠵᠠᠷ ᠬᠡᠷᠡᠭᠯᠡᠬᠦ ᠪᠠᠲᠤᠯᠠᠭ᠎ᠠ᠂ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡ ᠵᠡᠷᠭᠡ 5 ᠲᠠᠯ᠎ᠠ ᠪᠠᠷ᠂ 28 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠴᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠦᠴᠦᠨ ᠵᠦᠢᠯ ᠤᠨ ᠬᠠᠩᠭᠠᠯᠭ᠎ᠠ ᠶᠢᠨ ᠥᠪᠡᠷ ᠤᠨ ᠥᠷᠲᠡᠭ ᠢ ᠬᠦᠴᠦᠯᠡᠨ ᠪᠠᠭᠤᠷᠠᠭᠤᠯᠤᠨ᠎ᠠ᠃    ᠭᠤᠷᠪᠠ ᠳᠤ᠂ ᠬᠠᠤᠯᠢ ᠪᠠᠷ ᠵᠠᠰᠠᠬᠤ ᠬᠢᠨᠠᠯᠲᠠ ᠬᠠᠮᠢᠶᠠᠷᠤᠯᠲᠠ ᠶᠢᠨ ᠣᠷᠴᠢᠨ ᠨᠥᠬᠦᠴᠡᠯ ᠢ ᠳᠡᠭᠡᠭᠰᠢᠯᠡᠭᠦᠯᠬᠦ᠂ ︽ᠬᠤᠶᠠᠷ ᠢ ᠰᠤᠭᠤᠴᠢᠬᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ᠂ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠠᠶᠢᠭᠤᠯᠤᠯᠲᠠ ᠶᠢ ᠥᠷᠨᠢᠭᠦᠯᠬᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠬᠤ ᠶᠢ ᠠᠬᠢᠭᠤᠯᠬᠤ᠂ ᠠᠵᠤ ᠠᠬᠤᠶᠢᠯᠠᠯ ᠤᠨ ᠳᠠᠮᠫᠤᠷᠠᠯ ᠢ ᠳᠠᠬᠢᠨ ᠴᠡᠭᠴᠡᠯᠡᠬᠦ ᠡᠮᠦᠨ᠎ᠡ ᠦᠵᠦᠭᠦᠷ ᠤᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠬᠤ ᠵᠡᠷᠭᠡ 4 ᠲᠠᠯ᠎ᠠ ᠪᠠᠷ᠂ 37 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠳᠤᠷᠠᠳᠴᠤ᠂ ᠠᠵᠤ ᠠᠬᠤᠶᠢᠯᠠᠯ ᠤᠨ ᠡᠷᠬᠡ ᠠᠰᠢᠭ ᠢ ᠬᠦᠴᠦᠯᠡᠨ ᠬᠠᠮᠠᠭᠠᠯᠠᠪᠠ᠃    ᠲᠦᠷᠪᠡ ᠳᠤ᠂ ᠰᠢᠨ᠎ᠡ ᠶᠢ ᠡᠭᠦᠳᠴᠦ ᠦᠢᠯᠡᠰ ᠪᠤᠰᠬᠠᠬᠤ ᠣᠷᠴᠢᠨ ᠲᠣᠭᠤᠷᠢᠨ ᠢ ᠡᠭᠦᠳᠴᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠴᠢᠳᠠᠪᠤᠷᠢ ᠶᠢ ᠴᠢᠩᠭᠠᠳᠬᠠᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠡᠭᠦᠳᠦᠨ ᠪᠠᠶᠢᠭᠤᠯᠬᠤ ᠵᠡᠷᠭᠡ 3 ᠲᠠᠯ᠎ᠠ ᠠᠴᠠ 21 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠴᠤ᠂ ᠨᠡᠩ ᠰᠢᠯᠢᠳᠡᠭ ᠦᠢᠯᠡᠳᠪᠦᠷᠢᠯᠡᠯ ᠢ ᠬᠦᠴᠦᠯᠡᠨ ᠴᠣᠭᠴᠠᠯᠠᠨ᠎ᠠ ᠭᠡᠵᠦ ᠳᠤᠷᠠᠳᠪᠠ᠃    ︽ᠲᠥᠰᠦᠯ︾ ᠨᠢ ᠭᠤᠤᠯᠳᠠᠭᠤ ᠳᠣᠤᠷᠠᠬᠢ ᠳᠥᠷᠪᠡᠨ ᠣᠨᠴᠠᠯᠢᠭ ᠢ ᠳᠣᠪᠤᠶᠢᠯᠭᠠᠨ᠎ᠠ᠄    ᠨᠢᠭᠡ ᠳᠤ ᠠᠰᠠᠭᠤᠳᠠᠯ ᠤᠨ ᠤᠳᠤᠷᠢᠳᠤᠮᠵᠢ ᠶᠢᠨ ᠴᠢᠨᠠᠷ᠃ ᠠᠵᠤ ᠠᠬᠤᠶᠢᠯᠠᠯ ᠤᠨ ᠪᠡᠯᠡ ᠣᠷᠣᠭᠤᠯᠤᠨ ᠦᠢᠯᠡᠳᠪᠦᠷᠢᠯᠡᠯ ᠡᠵᠡᠩᠨᠡᠯᠲᠡ ᠶᠢᠨ ᠪᠠᠴᠢᠮ ᠬᠦᠴᠢᠷ ᠵᠣᠪᠠᠭᠤᠷᠢ ᠲᠠᠢ ᠪᠠᠶᠢᠬᠤ ᠪᠠ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠠᠳᠬᠤᠬᠤ ᠬᠡᠷᠡᠭᠲᠡᠢ᠃    ᠬᠤᠶᠠᠷ ᠲᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠨᠠᠷ᠃ 3 ᠵᠦᠢᠯ ᠤᠨ ᠣᠷᠣᠨ ᠤ ᠲᠠᠰ ᠤᠨ ᠰᠢᠨ᠎ᠡ ᠶᠢ ᠡᠭᠦᠳᠬᠦ ᠴᠢᠨᠠᠷᠲᠠᠶ ︽ᠥᠪᠡᠰᠦᠪᠡᠨ ᠰᠣᠩᠭᠤᠬᠤ ᠬᠥᠳᠡᠯᠦᠯ︾ ᠢ ᠭᠠᠷᠭᠠᠪᠠ᠃ ᠵᠢᠱᠢᠶᠡᠯᠡᠪᠡᠯ᠄ ︽ᠤᠶᠤᠨᠲᠤ ᠡᠭᠦᠳᠡᠨ ᠫᠠᠶᠢᠰᠠ︾ ᠭᠡᠳᠡᠭ ᠨᠢ ᠳᠠᠷᠤᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠺᠣᠳ᠋ ᠪᠠ ᠬᠠᠶᠢᠷᠤᠪ ᠤᠨ ᠲᠣᠬᠤᠶ ᠶᠢᠨ ᠠᠷᠠᠳ ᠲᠤ ᠲᠥᠬᠦᠮ ᠦᠵᠡᠭᠦᠯᠬᠦ ᠺᠣᠳ᠋ ᠭᠠᠷᠭᠠᠵᠤ᠂ ᠲᠤᠬᠠᠶ ᠶᠢᠨ ᠲᠠᠯᠠᠪᠤᠷ ᠤᠨ ᠪᠤᠰᠤ ᠬᠢᠨᠠᠯᠲᠠ ᠬᠠᠮᠢᠶᠠᠷᠤᠯᠲᠠ ᠶᠢᠨ ᠲᠠᠰ ᠳᠡᠪᠰᠢᠬᠦ ᠶᠢ ᠠᠬᠢᠭᠤᠯᠵᠤ᠂ ︽ᠨᠢᠭᠡ ᠶᠠᠪᠤᠳᠠᠯ︾ ᠤᠨ ᠥᠭᠡᠷᠡᠴᠢᠯᠡᠯᠲᠡ ᠶᠢ ᠲᠠᠰ ᠳᠡᠪᠰᠢᠭᠦᠯᠦᠨ᠎ᠡ᠃    ᠭᠤᠷᠪᠠ ᠳᠤ᠂ ᠰᠢᠰᠲ᠋ᠧᠮ ᠤᠨ ᠬᠤᠷᠠᠮᠳᠤᠯ ᠴᠢᠨᠠᠷ᠃ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠬᠤᠯᠠᠴᠢᠯᠠᠵᠤ᠂ ᠴᠡᠭ ᠤᠨ ᠲᠠᠯ᠎ᠠ ᠠᠴᠠ ᠰᠢᠪᠲᠤᠯᠤᠨ ᠪᠦᠬᠦᠯᠢ ᠴᠣᠭᠴᠠ ᠪᠠᠷ ᠬᠦᠴᠦᠯᠡᠬᠦ ᠲᠡᠰᠢ ᠬᠤᠪᠢᠷᠠᠭᠤᠯᠬᠤ ᠶᠢ ᠴᠢᠬᠤᠯᠠᠴᠢᠯᠠᠪᠠ᠃ ᠲᠤᠬᠠᠶᠢᠯᠠᠪᠠᠯ᠄ ᠠᠵᠤ ᠠᠬᠤᠶᠢᠯᠠᠯ ᠡᠷᠬᠢᠯᠡᠬᠦ ᠳᠤ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ︾ ᠶᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠭᠦᠨᠵᠡᠭᠡᠶ ᠥᠷᠨᠢᠭᠦᠯᠵᠦ᠂ ︽ᠬᠠᠷᠢᠯᠴᠠᠨ ᠬᠠᠮᠵᠢᠯᠴᠠᠬᠤ︾ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠪᠣᠯᠣᠨ᠎ᠠ᠃    ᠳᠥᠷᠪᠡ ᠳᠤ᠂ ᠥᠨᠳᠥᠷ ᠪᠦᠲᠦᠮᠵᠢᠲᠡᠶ ᠲᠣᠭᠠᠴᠢᠯᠠᠪᠠ᠃ ᠲᠤᠭ᠎ᠠ ᠪᠠᠷᠢᠮᠲᠠ ᠪᠠᠷ ᠡᠨᠧᠷᠭᠢ ᠣᠯᠭᠤᠬᠤ ᠪᠠᠷ ᠳᠠᠮᠵᠢᠭᠤᠯᠤᠨ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠬᠦ ᠶᠢ ᠠᠬᠢᠭᠤᠯᠵᠤ᠂ ᠨᠠᠩ ᠥᠨᠳᠥᠷ ᠪᠦᠲᠦᠮᠵᠢᠲᠡᠶ ᠪᠥᠭᠡᠳ ᠲᠥᠬᠦᠮ ᠦᠵᠡᠭᠦᠯᠦᠨ᠎ᠡ᠃ ᠵᠢᠱᠢᠶᠠᠯᠠᠪᠠᠯ᠄ ᠡᠯᠧᠺᠲᠷᠣᠨ ᠦᠨᠡᠮᠯᠡᠯ ᠪᠠ ᠡᠯᠧᠺᠲᠷᠣᠨ ᠲᠠᠮᠠᠭ᠎ᠠ ᠶᠢᠨ ᠬᠡᠷᠡᠭᠯᠡᠭᠡᠨ ᠤ ᠲᠠᠯᠠᠪᠠᠶ ᠶᠢ ᠥᠷᠭᠡᠳᠬᠡᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠥᠷᠥᠯ ᠵᠦᠢᠯ ᠤᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠥᠷᠨᠢᠭᠦᠯᠬᠦ ᠶᠢ ᠠᠬᠢᠭᠤᠯᠵᠤ᠂ ︽ᠵᠣᠬᠢᠶᠠᠮᠠᠯ ᠣᠶᠤᠨᠴᠢ ᠪᠣᠳᠠᠰ ᠤᠨ ᠰᠦᠯᠵᠢᠶ᠎ᠡ ᠶᠢᠨ ᠠᠯᠤᠰ ᠠᠴᠠ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ︾ ᠵᠡᠷᠭᠡ ᠶᠢ ᠥᠷᠨᠢᠭᠦᠯᠦᠨ᠎ᠡ᠃    ᠭᠤᠷᠪᠠ᠂ ᠲᠣᠳᠣᠷᠬᠠᠶᠢᠯᠠᠬᠤ ᠴᠢᠬᠤᠯᠠᠲᠠᠢ ᠵᠦᠢᠯᠡᠰ    ᠨᠢᠭᠡ ᠳᠤ᠂ ᠦᠬᠠᠢ ᠬᠤᠲᠠ ᠶᠢᠨ 4.0 ᠲᠥᠰᠥᠯ ᠯᠦᠭᠡ ᠶᠢᠨ ᠬᠠᠷᠢᠴᠠᠭ᠎ᠠ᠃ ᠦᠬᠠᠶ ᠬᠤᠲᠠ ᠶᠢᠨ 4.0 ᠲᠥᠰᠦᠯ ᠢ ᠪᠠᠭᠤᠯᠭᠠᠭᠰᠠᠨ ᠤ ᠳᠠᠷᠠᠭ᠎ᠠ᠂ ᠮᠠᠨ ᠤ ᠲᠣᠪᠴᠢᠶ᠎ᠠ ᠨᠢᠭᠡᠨᠲᠡ ᠬᠤᠯᠪᠣᠭᠳᠠᠯ ᠪᠦᠬᠦᠢ ᠡᠭᠦᠷᠭᠡ ᠪᠠᠨ ᠵᠠᠳᠠᠯᠵᠤ᠂ ᠡᠯ᠎ᠡ ᠵᠦᠢᠯ ᠤᠨ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠦᠬᠠᠶ ᠬᠤᠲᠠ ᠶᠢᠨ ᠲᠥᠰᠦᠯ ᠤᠨ ᠵᠣᠷᠢᠭ ᠰᠠᠨᠠᠭ᠎ᠠ ᠪᠠ ᠭᠤᠤᠯᠳᠠᠯᠭ᠎ᠠ ᠲᠠᠢ ᠠᠵᠢᠯ ᠢ ᠵᠣᠯᠭᠠᠭᠤᠯᠤᠭᠰᠠᠨ ᠰᠠᠭᠤᠷᠢᠨ ᠳᠡᠭᠡᠷ᠎ᠡ᠂ ᠪᠣᠳᠠᠲᠠᠶ ᠲᠠᠢ ᠪᠠᠨ ᠤᠶᠠᠯᠳᠤᠭᠤᠯᠤᠨ᠂ ᠮᠠᠨ ᠤ ᠲᠤᠭᠤᠷᠢᠭ ᠤᠨ ᠥᠪᠡᠷᠮᠢᠴᠡᠵᠢᠭᠦᠯᠬᠦ ᠲᠥᠰᠦᠯ ᠢ ᠲᠣᠭᠲᠠᠭᠠᠪᠠ᠃ ᠪᠢᠳᠡ ᠦᠬᠠᠶ ᠬᠤᠲᠠ ᠶᠢᠨ ᠲᠥᠰᠦᠯ ᠤᠨ ᠬᠤᠶᠠᠷ ᠱᠤᠭᠤᠮ ᠲᠠᠢ ᠵᠡᠷᠭᠡ ᠪᠠᠷ ᠶᠠᠪᠤᠭᠳᠠᠬᠤ ᠠᠷᠭ᠎ᠠ ᠬᠡᠯᠪᠡᠷᠢ ᠶᠢ ᠠᠪᠴᠤ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃    ᠬᠤᠶᠠᠷ ᠲᠤ᠂ ︽ᠲᠥᠰᠦᠯ︾ ᠤᠨ ᠰᠠᠨᠠᠯ ᠬᠤᠷᠢᠶᠠᠭᠰᠠᠨ ᠪᠠᠶᠢᠳᠠᠯ᠄ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠠᠯᠪᠠᠨ ᠬᠡᠷ ᠬᠠᠤᠯᠢ ᠴᠠᠭᠠᠵᠠ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠵᠡᠷᠭᠡ 25 ᠰᠠᠯᠠᠭ᠎ᠠ ᠮᠥᠴᠢᠷ ᠠᠴᠠ ᠰᠠᠨᠠᠯ ᠬᠤᠷᠢᠶᠠᠵᠤ᠂ ᠨᠡᠶᠢᠲᠡ 12 ᠵᠤᠷᠪᠤᠰ ᠬᠠᠷᠢᠭᠤ ᠲᠤᠰᠬᠠᠭᠰᠠᠨ ᠰᠠᠨᠠᠯ ᠢ ᠬᠤᠷᠢᠶᠠᠨ ᠣᠯᠵᠠᠶ᠂ ᠡᠭᠦᠨ ᠳᠤ 11 ᠵᠤᠷᠪᠤᠰ ᠢ ᠭᠥᠯᠢᠶᠡᠨ ᠠᠪᠴᠤ᠂ 1 ᠵᠤᠷᠪᠤᠰ ᠢ ᠭᠥᠯᠢᠶᠡᠨ ᠠᠪᠤᠭᠰᠠᠨ ᠥᠬᠡᠶ᠃ ᠰᠠᠨᠠᠯ ᠠᠪᠤᠭᠰᠠᠨ ᠦᠭᠡᠢ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠭᠦᠢᠴᠡᠳ ᠨᠡᠪᠲᠡᠷᠡᠯᠴᠡᠵᠦ᠂ ᠰᠠᠨᠠᠯ ᠨᠢᠭᠡᠳᠪᠡ᠃       
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号