ᠼᠦᠢ ᠬᠤᠩ ᠪᠥᠸᠧ ᠠᠶᠤᠯᠭᠦᠢ ᠦᠢᠯᠡᠳᠪᠦᠷᠢᠯᠡᠯ ᠵᠢᠴᠢ ᠪᠠᠶᠠᠷ ᠤᠨ ᠡᠳᠦᠷ ᠠᠴᠠ ᠡᠮᠦᠨᠡᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/9/30
    9 ᠰᠠᠷ᠎ᠠ ᠶᠢᠨ 29᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ ᠠᠶᠤᠯᠭᠦᠢ ᠦᠢᠯᠡᠳᠪᠦᠷᠢᠯᠡᠯ ᠤᠨ ᠠᠵᠢᠯ ᠪᠣᠯᠤᠨ ᠪᠠᠶᠠᠷ ᠤᠨ ᠡᠳᠦᠷ ᠠᠴᠠ ᠡᠮᠦᠨᠡᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠡᠮᠦᠨ᠎ᠡ ᠹᠷᠣᠨᠲ ᠤᠨ ᠠᠵᠢᠯᠳᠠᠨ ᠠᠵᠢᠯᠴᠢᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃
640.jpg   
    ᠬᠠᠶᠢᠷᠤᠪ ᠤᠨ ᠲᠤᠬᠤᠢ ᠲᠣᠭᠤᠷᠢᠭ ᠤᠨ ᠹᠦ᠋ ᠳ᠋ᠠ ᠵᠠᠬ᠎ᠠ ᠳᠡᠯᠭᠡᠭᠦᠷ ᠵᠢᠴᠢ ᠰᠢᠨ ᠲᠢᠶᠠᠨ ᠳ᠋ᠢ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠲᠤ᠂ ᠼᠦᠢ ᠬᠤᠩ ᠪᠥᠸᠧ ᠨᠡᠷ ᠶᠠᠪᠤᠬᠤ ᠶᠢᠨ ᠳᠠᠭᠠᠤ ᠦᠵᠡᠵᠦ᠂ ᠢᠳᠡᠭᠡᠨ ᠤ ᠠᠮᠤᠷ ᠲᠦᠪᠰᠢᠨ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠭᠠᠯ ᠤᠨᠲᠠᠷᠠᠭᠠᠬᠤ ᠲᠥᠬᠦᠭᠡᠷᠦᠮᠵᠢ ᠵᠡᠷᠭᠡ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠡᠢ᠃ ᠼᠦᠢ ᠬᠤᠩ ᠪᠥᠸᠧ ᠬᠡᠯᠡᠬᠦ ᠳᠡᠭᠡᠨ᠂ ᠢᠳᠡᠭᠡᠨ ᠤ ᠠᠮᠤᠷ ᠲᠦᠪᠰᠢᠨ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠢᠳᠡᠭᠡᠨ ᠤ ᠠᠮᠤᠷ ᠲᠦᠪᠰᠢᠨ ᠤ ᠪᠣᠭᠤᠮᠲᠠ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ᠂ ᠲᠡᠷᠡ ᠵᠠᠬ᠎ᠠ ᠳᠡᠯᠭᠡᠭᠦᠷ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠳᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠵᠤ᠂ ᠬᠡᠷᠡᠭᠯᠡᠭᠴᠢᠳ ᠲᠤ ᠠᠮᠤᠷ ᠲᠦᠪᠰᠢᠨ᠂ ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ ᠭᠡᠵᠦ ᠵᠠᠬᠢᠪᠠ᠃
640 (1).jpg   
    ᠮᠧᠶ ᠯᠢᠨ ᠣᠯᠠᠨ ᠤᠯᠤᠰ᠂ ᠸᠧᠨ ᠮᠢᠩ ᠠᠭᠤᠷᠬᠠᠶ ᠶᠢᠨ ᠦᠢᠯᠡᠰ ᠤᠨ ᠺᠠᠪᠦ᠋ᠴᠢ ᠨᠡᠭᠦᠷᠡᠰᠦᠨ ᠠᠭᠤᠷᠬᠠᠶ ᠵᠢᠴᠢ ᠥᠪᠥᠷ ᠮᠣᠩᠭᠤᠯ ᠤᠨ ᠳ᠋ᠧ ᠱᠧᠩ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠤᠶᠠᠳᠤᠭᠠᠷ ᠠᠭᠤᠷᠬᠠᠢ ᠶᠢᠨ ᠲᠥᠷᠥᠯ ᠵᠦᠢᠯ ᠤᠨ ᠲᠤᠬᠠᠶ ᠶᠢᠨ ᠲᠠᠯᠠᠪᠠᠢ ᠳᠤ᠂ ᠼᠦᠢ ᠬᠤᠩ ᠪᠥᠸᠧ ᠪᠠᠷᠢᠯᠭ᠎ᠠ ᠶᠢᠨ ᠭᠠᠵᠠᠷ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠨᠠᠷᠢᠨ ᠪᠠᠶᠢᠴᠠᠭᠠᠪᠠ᠃ ᠲᠡᠷᠡ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠭ ᠢᠮᠠᠭᠲᠠ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠭᠤᠭᠴᠤᠭ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠷᠢᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ᠂ ᠲᠤᠬᠠᠢ ᠶᠢᠨ ᠲᠠᠯᠠᠪᠠᠢ ᠶᠢᠨ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠪᠣᠯᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠴᠢᠩᠭᠠᠳᠬᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠬᠡᠯᠡᠪᠡ᠃ ᠡᠯ᠎ᠡ ᠬᠤᠯᠪᠣᠭᠳᠠᠯ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠤᠳᠤᠷᠢᠳᠬᠤ ᠺᠠᠳ᠋ᠷ ᠤᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠠᠳᠠᠷᠠᠭᠤᠯᠵᠤ᠂ ᠠᠵᠤ ᠠᠬᠤᠶᠢᠯᠠᠯ ᠳᠤ ᠤᠨᠢᠨ ᠳᠡᠭᠡᠷ᠎ᠡ ᠨᠢ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ᠂ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号