ᠬᠠᠶᠢᠷᠤᠪ ᠤᠨ ᠲᠤᠬᠤᠢ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠱᠠᠩ ᠬᠠᠢ ᠶᠤᠸᠠᠨ | | ᠣᠶᠢᠷ᠎ᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ | ᠬᠤᠷᠢᠶ᠎ᠠ ᠶᠢᠨ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠲᠤᠭᠤᠷᠢᠭ ᠤᠨ ᠠᠵᠤ ᠠᠬᠤᠶ ᠶᠢᠨ ᠠᠵᠢᠯ ᠤᠨ ᠬᠤᠷᠠᠯ᠂ | ᠬᠤᠲᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠬᠤᠲᠠ ᠶᠢᠨ | ᠠᠵᠤ ᠠᠬᠤᠶ ᠶᠢᠨ ᠠᠵᠢᠯ ᠤᠨ ᠬᠤᠷᠠᠯ ᠬᠢᠭᠡᠳ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠲᠣᠭᠤᠷᠢᠭ ᠤᠨ ᠠᠵᠤ ᠠᠬᠤᠶ ᠶᠢᠨ | ᠠᠵᠢᠯ ᠤᠨ ᠬᠤᠷᠠᠯ ᠤᠷᠤᠭᠰᠢᠲᠠᠶ ᠬᠤᠷᠠᠯᠳᠤᠵᠤ᠂ ᠬᠤᠷᠠᠯ ᠤᠨ ᠪᠠᠶᠢᠳᠠᠯ ᠢ ᠭᠦᠨᠵᠡᠭᠡᠶ ᠵᠠᠳᠠᠯᠵᠤ᠂ ᠠᠵᠢᠯ ᠢᠶᠠᠨ | ᠰᠦᠪᠡᠭᠴᠢᠯᠡᠨ ᠬᠥᠮᠦᠰ ᠢ ᠤᠷᠮᠠᠰᠢᠭᠤᠯᠤᠨ ᠵᠣᠷᠢᠭᠵᠢᠭᠤᠯᠵᠤ᠂ ᠮᠠᠨ ᠤ ᠲᠣᠭᠤᠷᠢᠭ ᠤᠨ ᠡᠨᠡ ᠵᠢᠯ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠳᠤ ᠵᠢᠷᠤᠮᠯᠠᠯ ᠬᠠᠩᠭᠠᠵᠤ᠂ ᠠᠶᠠᠯᠠᠯ ᠤᠨ ᠴᠢᠭᠯᠡᠯ ᠢ ᠪᠠᠷᠢᠮᠵᠢᠶᠠᠯᠠᠨ | ᠲᠣᠭᠲᠠᠭᠠᠪᠠ᠃ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ 2025 ᠣᠨ ᠤ ᠠᠵᠤ | ᠠᠬᠤᠢ ᠶᠢᠨ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠶᠢᠨ ᠲᠥᠯᠥᠭᠡ᠂ ᠪᠢᠳᠡ ᠡᠷᠬᠡᠪᠰᠢ ᠶᠡᠷᠦᠩᠬᠡᠢ | ᠱᠦᠵᠢ ᠰᠢ ᠶᠢᠨ ᠫᠢᠩ ᠤᠨ ᠠᠵᠤ ᠠᠬᠤᠢ ᠶᠢᠨ ᠠᠵᠢᠯ ᠤᠨ ᠲᠤᠬᠠᠢ ᠲᠠᠪᠤᠨ ︽ᠡᠷᠬᠡᠪᠰᠢ ᠰᠠᠶᠢᠲᠤᠷ ᠨᠢᠭᠡᠳᠦᠯᠲᠡᠢ | ᠲᠥᠯᠥᠪᠵᠢᠭᠦᠯᠬᠦ︾ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ᠂ ︽ᠲᠠᠪᠤᠨ ᠶᠡᠭᠡ ᠡᠭᠦᠷᠭᠡ︾᠂ ︽ | ᠵᠢᠷᠭᠤᠭᠠᠨ ᠢᠨᠵᠧᠨᠧᠷᠢᠩ︾ ᠪᠣᠯᠤᠨ ︽ᠵᠢᠷᠭᠤᠭᠠᠨ ᠠᠵᠢᠯᠯᠠᠭ᠎ᠠ︾ ᠶᠢ ᠦᠷᠭᠦᠯᠵᠢᠯᠡᠨ ᠭᠦᠨᠵᠡᠭᠡᠶᠢᠷᠡᠭᠦᠯᠦᠨ | ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ | ᠲᠠᠢ ᠨᠢᠭᠲᠠ ᠤᠶᠠᠯᠳᠤᠭᠤᠯᠵᠤ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠲᠤᠯᠵᠤ᠂ ᠬᠠᠶᠢᠷᠤᠪ ᠤᠨ | ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠲᠠᠬᠢᠨ ᠰᠢᠨ᠎ᠡ ᠳᠡᠭᠲᠡᠷ ᠲᠤ | ᠭᠠᠷᠬᠤ ᠶᠢ ᠠᠬᠢᠭᠤᠯᠬᠤ ᠬᠡᠷᠡᠭᠲᠡᠢ᠃ | ᠬᠤᠷᠸ᠎ᠠ ᠠᠵᠤ ᠠᠬᠤᠶ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠢᠳᠡ ᠠᠵᠤ ᠠᠬᠤᠶ ᠶᠢ | ᠲᠣᠭᠲᠠᠪᠤᠷᠢᠵᠢᠭᠤᠯᠤᠨ ᠬᠥᠭᠵᠢᠯᠲᠡ ᠶᠢ ᠠᠬᠢᠭᠤᠯᠵᠤ᠂ ᠠᠵᠤ ᠠᠬᠤᠶ ᠶᠢᠨ ᠠᠵᠢᠯᠯᠠᠭᠠᠨ ᠤ ᠲᠦᠷᠢᠮ ᠲᠣᠭᠲᠠᠴᠠ ᠶᠢ | ᠲᠡᠭᠦᠯᠳᠡᠷᠵᠢᠭᠦᠯᠬᠦ ᠶᠢ ᠪᠠᠷᠢᠮᠲᠠᠯᠠᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠨᠡᠮᠡᠭᠳᠡᠯ ᠲᠥᠷᠥ ᠶᠢᠨ | ᠪᠣᠳᠣᠯᠭ᠎ᠠ ᠶᠢ ᠭᠦᠨᠵᠡᠭᠡᠶ ᠰᠤᠳᠤᠯᠵᠤ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠂ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠵᠤ᠂ | ᠲᠥᠷᠥᠯ ᠵᠦᠢᠯ ᠢᠶᠠᠷ ᠬᠥᠳᠡᠯᠭᠡᠭᠦᠷ ᠪᠣᠯᠭᠠᠨ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠪᠠᠷ ᠳᠠᠮᠵᠢᠭᠤᠯᠤᠨ᠂ | ᠠᠵᠤ ᠦᠢᠯᠡᠰ ᠤᠨ ᠪᠣᠬᠢᠷᠲᠤᠯ ᠥᠬᠡᠶ ᠪᠠᠷ ᠲᠠᠰ ᠳᠡᠪᠰᠢᠬᠦ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠶᠢ ᠠᠬᠢᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠴᠣᠩᠬᠤᠪᠴᠢ ᠶᠢᠨ ᠬᠤᠭᠤᠴᠠᠭ᠎ᠠ ᠶᠢ ᠠᠳᠬᠤᠨ᠂ ᠨᠢᠭᠡ ᠪᠦᠯᠦᠭ ᠲᠣᠮᠣ ᠲᠥᠷᠥᠯ ᠵᠦᠢᠯ᠂ ᠰᠠᠶᠢᠨ | ᠲᠥᠷᠥᠯ ᠵᠦᠢᠯ᠂ ᠵᠢᠩᠬᠢᠨᠢ ᠲᠥᠷᠥᠯ ᠵᠦᠢᠯ ᠢ ᠲᠥᠯᠥᠪᠯᠡᠨ ᠨᠥᠭᠡᠴᠡᠯᠡᠵᠦ ᠪᠠᠶᠢᠭᠠᠳ ᠠᠬᠢᠭᠤᠯᠵᠤ᠂ ᠤᠯᠤᠰ᠂ | ᠥᠪᠡᠷᠲᠡᠭᠡᠨ ᠵᠠᠰᠠᠬᠤ ᠣᠷᠣᠨ ᠤ ᠶᠡᠭᠡ ᠲᠠᠯ᠎ᠠ ᠳᠤ ᠨᠠᠩ ᠢᠯᠡᠭᠦᠤ ᠣᠷᠣᠵᠤ᠂ ᠴᠢᠨᠠᠷ ᠰᠠᠶᠢᠲᠠᠶ ᠬᠥᠭᠵᠢᠯᠲᠡ ᠳᠤ | ᠬᠦᠴᠦᠨ ᠴᠢᠳᠠᠯ ᠣᠯᠭᠤᠬᠤ ᠶᠢ ᠴᠢᠷᠮᠠᠶᠢᠨ ᠪᠡᠶᠡᠯᠡᠭᠦᠯᠦᠨ᠎ᠡ᠃ ᠡᠭᠦᠨ ᠤ ᠬᠠᠮᠲᠤ᠂ ᠪᠡᠯᠡ ᠣᠷᠣᠭᠤᠯᠤᠯᠲᠠ ᠶᠢᠨ ︽ | ᠡᠷᠭᠢᠯᠲᠡ ᠶᠢᠨ ᠳᠠᠶᠢᠯᠠᠯᠳᠤᠭᠠᠨ︾ ᠢ ᠰᠠᠶᠢᠲᠤᠷ ᠬᠢᠵᠦ᠂ ᠨᠠᠶᠢᠳᠠᠪᠤᠷᠢᠵᠢᠭᠤᠯᠬᠤ ᠲᠦᠷᠦᠯ ᠵᠦᠢᠯ ᠢ ᠡᠷᠲᠡᠬᠡᠨ | ᠡᠬᠢᠯᠡᠭᠦᠯᠵᠦ᠂ ᠠᠵᠢᠯ ᠡᠬᠢᠯᠡᠭᠦᠯᠬᠦ ᠲᠦᠷᠦᠯ ᠵᠦᠢᠯ ᠢ ᠱᠠᠯᠠᠪᠳᠠᠨ ᠪᠦᠳᠦᠭᠡᠨ ᠪᠠᠶᠢᠭᠤᠯᠵᠤ᠂ ᠪᠠᠶᠢᠭᠤᠯᠵᠤ ᠪᠠᠶᠢᠭ᠎ᠠ | ᠲᠦᠷᠦᠯ ᠵᠦᠢᠯ ᠢ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠠᠬᠢᠭᠤᠯᠬᠤ ᠬᠡᠷᠡᠭᠲᠡᠢ᠃ | 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ | ᠪᠣᠯᠤᠨ᠎ᠠ᠂ ᠮᠥᠨᠴᠦ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠠᠩᠭᠢᠯᠠᠭ᠎ᠠ ᠶᠢᠨ ᠵᠢᠯ ᠪᠣᠯᠤᠨ᠎ᠠ᠂ | 2025 ᠣᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ᠂ ᠡᠭᠦᠷᠭᠡ ᠦᠩᠬᠡ | ᠬᠡᠷᠡᠯᠳᠡᠢ ᠶᠤᠮ᠃ ᠪᠢᠳᠡ ᠠᠵᠤ ᠠᠬᠤᠶ ᠶᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ | ᠰᠡᠳᠬᠢᠯᠭᠡ ᠪᠠᠨ ᠦᠷᠭᠦᠯᠵᠢᠯᠡᠨ ᠴᠢᠩᠭᠠᠳᠬᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠳᠠᠷᠤᠯᠲᠠ ᠪᠠᠨ | ᠨᠡᠮᠡᠭᠳᠡᠭᠦᠯᠵᠦ᠂ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠳᠠᠷᠤᠯᠲᠠ ᠶᠢ ᠡᠭᠦᠷᠭᠡᠯᠡᠨ ᠡᠷᠡᠯᠬᠡᠭᠯᠡᠨ ᠤᠷᠤᠭᠰᠢᠯᠠᠵᠤ᠂ | ᠠᠵᠤ ᠠᠬᠤᠢ ᠶᠢᠨ ᠰᠠᠶᠢᠵᠢᠷᠠᠬᠤ ᠬᠠᠨᠳᠤᠰᠢ ᠶᠢ ᠦᠷᠭᠦᠯᠵᠢᠯᠡᠨ ᠪᠠᠬᠢᠵᠢᠭᠦᠯᠵᠦ᠂ ᠳᠠᠪᠠᠭᠤᠯᠢᠭ ᠠᠮᠢᠵᠢᠷᠠᠯ ᠤᠨ | ᠬᠦᠴᠦᠨ ᠢ ᠬᠥᠭᠵᠢᠭᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠠᠶᠠᠨ ᠳᠤ ᠠᠯᠬᠤᠵᠤ᠂ | ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠬᠠᠶᠢᠷᠤᠪ ᠤᠨ ᠲᠤᠬᠤᠢ | ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠦᠨ᠎ᠡ ᠭᠡᠵᠦ | ᠵᠢᠭᠠᠵᠤ ᠭᠠᠷᠭᠠᠪᠠ᠃ |