ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠲᠤᠬᠠᠢ ᠶᠠᠷᠢᠯᠴᠠᠪᠠ ( ᠬᠤᠶᠠᠷ︶
ᠨᠡᠶᠢᠲᠡᠯᠡᠭᠰᠡᠨ ᠴᠠᠭ᠄
2025/1/10
ᠦᠬᠠᠢ ᠬᠤᠳᠠ ᠶᠢᠨ ᠠᠮᠢ ᠠᠬᠤᠢ ᠶᠢᠨ ᠤᠷᠴᠢᠨ ᠲᠤᠭᠤᠷᠢᠨ ᠤ ᠲᠤᠪᠴᠢᠶᠠᠨ ᠤ ᠬᠠᠶᠢᠷᠤᠪ ᠤᠨ ᠲᠤᠬᠤᠢ ᠲᠤᠭᠤᠷᠢᠭ ᠤᠨ ᠬᠤᠪᠢᠶᠠᠷᠢ ᠲᠤᠪᠴᠢᠶᠠᠨ ᠤ ᠳᠡᠳ᠋ ᠳᠠᠷᠤᠭ᠎ᠠ    ᠴᠧᠨ ᠢᠦᠢ        2025 ᠣᠨ ᠳᠤ᠂ ᠦᠬᠠᠢ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠬᠤᠪᠢᠶᠠᠷᠢ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠲᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠲᠦᠷᠦ᠂ ᠠᠵᠤ ᠠᠬᠤᠢ᠂ ᠬᠥᠮᠦᠨ ᠠᠮᠠ ᠶᠢᠨ ᠲᠥᠪ ᠤᠨ ᠲᠦᠷᠢ ᠲᠦᠷᠬᠦ ᠪᠣᠯᠭᠠᠵᠤ᠂ ︽ᠭᠤᠷᠪᠠᠨ ᠲᠡᠷᠢᠭᠦᠯᠡᠬᠦ︾᠎ ᠪᠠᠷ ᠬᠦᠳᠦᠯᠥᠨ ᠳᠠᠭᠠᠭᠤᠯᠵᠤ᠂ ︽ᠰᠢᠨ᠎ᠡ ᠵᠠᠮ ᠢᠶᠠᠷ ᠠᠶᠠᠯᠠᠨ ᠳᠤᠮᠳᠠ ᠲᠦᠪᠰᠢᠨ ᠳᠤ ᠤᠷᠤᠬᠤ︾ ᠬᠠᠷᠠᠯᠲᠠ ᠶᠢ ᠲᠣᠭᠲᠠᠭᠠᠪᠠ᠃    ︽ᠬᠠᠷᠠᠯᠲᠠ ᠪᠠᠨ ᠲᠣᠭᠲᠠᠭᠠᠵᠤ᠂ ᠬᠦᠴᠢᠷ ᠢ ᠰᠦᠷᠦᠨ ᠤᠷᠤᠭᠰᠢᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠠᠮᠢ ᠠᠬᠤᠢ ᠶᠢ ᠬᠠᠮᠠᠭᠠᠯᠠᠵᠤ᠂ ᠰᠠᠭᠤᠷᠢ ᠶᠢ ᠪᠠᠬᠢᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠲᠦᠷᠢᠮ ᠲᠣᠭᠲᠠᠭᠠᠯ ᠲᠣᠭᠲᠠᠭᠠᠬᠤ ᠪᠠᠷ ᠭᠠᠷᠤᠭ᠎ᠠ ᠪᠣᠯᠭᠠᠵᠤ᠂ ︽ᠳᠤᠯᠤᠭ᠎ᠠ ᠶᠢ ᠵᠠᠰᠠᠬᠤ︾ ᠦᠷ᠎ᠡ ᠪᠦᠲᠦᠮᠵᠢ ᠶᠢ ᠪᠠᠬᠢᠵᠢᠭᠦᠯᠦᠨ᠎ᠡ᠃    ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠲᠣᠭᠲᠠᠴᠠ ᠶᠢ ᠪᠥᠬᠦ ᠲᠠᠯ᠎ᠠ ᠪᠠᠷ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠳᠥᠯᠭᠢᠨ ᠠᠬᠢᠭᠤᠯᠵᠤ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠨ᠂ ᠠᠮᠢ ᠠᠬᠤᠶ ᠶᠢ ᠵᠠᠰᠠᠵᠤ ᠰᠡᠷᠭᠦᠭᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠢᠯᠠᠩᠭᠤᠶ᠎ᠠ ᠠᠭᠤᠷᠬᠠᠶ ᠶᠢᠨ ᠣᠷᠣᠨ ᠪᠠ ᠬᠦᠷᠢᠶᠡᠯᠡᠩ ᠲᠣᠭᠤᠷᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠬᠡᠦᠷᠰᠢᠭᠦᠯᠬᠦ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠠᠵᠤ ᠠᠬᠤᠶᠢᠯᠠᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠢ ᠶᠢ ᠳᠡᠭᠡᠭᠰᠢᠯᠡᠭᠦᠯᠵᠦ᠂ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠶᠢ ᠭᠦᠨᠵᠡᠭᠡᠶᠢᠷᠡᠭᠦᠯᠵᠦ᠂ ᠠᠦ᠋ᠲ᠋ᠣ᠋ ᠬᠢᠨᠠᠨ ᠡᠵᠡᠮᠳᠡᠬᠦ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠵᠤ᠂ ᠤᠰᠤᠨ ᠤ ᠡᠬᠢ ᠰᠤᠷᠪᠤᠯᠵᠢ ᠪᠠ ᠭᠤᠣᠯᠳᠠᠯᠭ᠎ᠠ ᠲᠠᠢ ᠠᠵᠤ ᠠᠬᠤᠶᠢᠯᠠᠯ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠲᠣᠭᠲᠠᠭᠠᠵᠤ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠭᠡᠨ ᠪᠠᠶᠢᠭᠤᠯᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠠᠷᠠᠳ ᠤᠯᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠤᠬᠠᠢ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠦᠨ᠎ᠡ᠃       
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号