ᠵᠧᠦ ᠶᠢᠨ ᠰᠢᠩ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠬᠠᠶᠢᠷᠤᠪ ᠤᠨ ᠲᠣᠬᠤᠢ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ
ᠨᠡᠶᠢᠲᠡᠯᠡᠭᠰᠡᠨ ᠴᠠᠭ᠄
2025/1/10
    1 ᠰᠠᠷ᠎ᠠ ᠶᠢᠨ 7 ᠤ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠬᠠᠶᠢᠷᠤᠪ ᠤᠨ ᠲᠤᠬᠤᠢ ᠶᠢᠨ ᠲᠥᠯᠥᠭᠡᠯᠡᠭᠴᠢᠳ ᠤᠨ ᠪᠦᠯᠬᠦᠮ ᠳᠤ ᠬᠦᠷᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠲᠥᠯᠥᠪᠯᠡᠭᠡ ᠪᠣᠯᠤᠨ ᠲᠥᠰᠦᠪ ᠤᠨ ᠮᠡᠳᠡᠭᠦᠯᠦᠯᠲᠡ ᠶᠢ ᠬᠢᠨᠠᠨ ᠵᠥᠪᠯᠡᠪᠡ᠃    ᠬᠢᠨᠠᠨ ᠵᠥᠪᠯᠡᠬᠦ ᠶᠠᠪᠤᠴᠠ ᠳᠤ᠂ ᠲᠥᠯᠥᠭᠡᠯᠡᠭᠴᠢᠳ ᠮᠡᠳᠡᠭᠦᠯᠦᠯᠲᠡ ᠶᠢᠨ ᠠᠭᠤᠯᠭ᠎ᠠ ᠶᠢᠨ ᠲᠣᠭᠤᠷᠢᠨ ᠳᠤ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠠᠨᠢᠯᠲᠠ ᠪᠠᠨ ᠶᠠᠷᠢᠵᠤ ᠰᠠᠨᠠᠭᠤᠯᠭ᠎ᠠ ᠳᠤᠷᠠᠳᠪᠠ᠃ ᠵᠧᠦ ᠶᠢᠨ ᠰᠢᠩ ᠲᠥᠯᠥᠭᠡᠯᠡᠭᠴᠢᠳ ᠤᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ ᠬᠡᠯᠡᠭᠰᠡᠨ ᠨᠢ᠂ ᠣᠳᠣᠬᠠᠨ ᠳᠤ᠂ ᠦᠬᠠᠢ ᠶᠠᠭ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠰᠢᠪᠲᠤᠯᠤᠯᠲᠠ ᠭᠠᠷᠭᠠᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠬᠠᠶᠢᠷᠤᠪ ᠤᠨ ᠲᠤᠬᠤᠢ ᠲᠣᠭᠤᠷᠢᠭ ᠨᠢ ᠭᠤᠣᠯ ᠬᠤᠳᠠ ᠶᠢᠨ ᠲᠣᠭᠤᠷᠢᠭ ᠪᠣᠯᠤᠭᠰᠠᠨ ᠤ ᠬᠤᠪᠢ ᠳᠤ᠂ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠳᠤᠮᠳᠠ ᠰᠠᠶᠢᠨ ᠰᠠᠶᠢᠬᠠᠨ ᠪᠠ ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠠᠵᠤ ᠠᠬᠤᠢ ᠶᠢ ᠬᠦᠴᠦᠯᠡᠨ ᠴᠢᠷᠮᠠᠶᠢᠵᠤ᠂ ᠨᠡᠮᠡᠭᠳᠡᠯ ᠢ ᠲᠣᠭᠲᠠᠪᠤᠷᠢᠵᠢᠭᠤᠯᠵᠤ᠂ ᠲᠦᠷᠦᠯ ᠵᠦᠢᠯ ᠢ ᠠᠳᠬᠤᠬᠤ᠂ ᠪᠡᠯᠡ ᠣᠷᠣᠭᠤᠯᠤᠯᠲᠠ ᠶᠢ ᠥᠷᠭᠡᠳᠬᠡᠬᠦ᠂ ᠬᠡᠷᠡᠭᠯᠡᠭᠡ ᠶᠢ ᠠᠬᠢᠭᠤᠯᠬᠤ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠪᠦᠬᠦ ᠬᠤᠳᠠ ᠶᠢᠨ ᠠᠵᠤ ᠠᠬᠤᠢ ᠶᠢᠨ ᠰᠡᠷᠭᠦᠨ ᠰᠠᠶᠢᠵᠢᠷᠠᠬᠤ ᠪᠠᠶᠢᠳᠠᠯ ᠢ ᠪᠠᠬᠢᠵᠢᠭᠦᠯᠬᠦ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ᠃ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠢ ᠴᠢᠩᠭᠠᠳᠬᠠᠨ᠂ ᠲᠡᠷᠢᠭᠦᠨ ᠤ ᠦᠢᠯᠡᠳᠬᠦ ᠦᠢᠯᠡᠰ ᠢ ᠶᠡᠭᠡ ᠪᠠᠷ ᠬᠥᠭᠵᠢᠭᠦᠯᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ︽ᠬᠥᠮᠦᠨ ᠪᠠᠶᠢᠪᠠᠯ ᠪᠢ ᠪᠠᠶᠢᠨ᠎ᠠ᠂ ᠬᠥᠮᠦᠨ ᠪᠠᠶᠢᠪᠠᠯ ᠪᠢᠳᠡ ᠰᠢᠯᠢᠳᠡᠭ ᠪᠠᠶᠢᠬᠤ︾ ᠥᠷᠢᠰᠥᠯᠳᠦᠭᠡᠨ ᠤ ᠳᠠᠪᠠᠭᠤᠯᠢᠭ ᠢ ᠡᠭᠦᠳᠬᠦ ᠬᠡᠷᠡᠭᠲᠡᠢ᠃ ᠭᠤᠣᠯ ᠬᠤᠳᠠ ᠲᠣᠭᠤᠷᠢᠭ ᠤᠨ ᠬᠤᠳᠠ ᠶᠢᠨ ᠴᠢᠳᠠᠪᠬᠢ ᠶᠢ ᠴᠢᠨᠠᠭᠰᠢᠳᠠ ᠲᠡᠭᠦᠯᠳᠡᠷᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠰᠠᠶᠢᠲᠤᠷ ᠠᠳᠬᠤᠵᠤ᠂ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠲᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠤ ᠬᠡᠯᠡᠪᠡ᠃    ᠬᠤᠳᠠ ᠶᠢᠨ ᠤᠳᠤᠷᠢᠳᠤᠯᠭ᠎ᠠ ᠭᠦᠸᠧ ᠢ ᠵᠢᠶᠧ᠂ ᠸᠠᠩ ᠶᠦᠨ ᠾᠧᠩ ᠣᠷᠣᠯᠴᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号