1 ᠰᠠᠷ᠎ᠠ ᠶᠢᠨ 10 ᠤ ᠡᠳᠦᠷ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠬᠠᠶᠢᠷᠤᠪ ᠤᠨ ᠲᠣᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ︽ᠴᠠᠭᠳᠠᠭᠠᠨ ᠤ | ᠬᠡᠤᠬᠡᠳ ᠤᠨ ᠴᠡᠩᠭᠡᠯ ᠤᠨ ᠬᠦᠷᠢᠶᠡᠯᠡᠩ︾᠂ ︽ᠰᠡᠳᠬᠢᠴᠡ ᠶᠢᠨ ᠡᠷᠡᠭᠦᠯ ᠮᠡᠨᠳᠦ︾ ᠶᠢᠨ ᠤᠶᠢᠯᠡᠴᠢᠯᠡᠭᠡᠨ ᠤ ᠲᠥᠪ᠂ | ︽ᠪᠢᠴᠢᠭ ᠤᠨ ᠰᠤᠷᠪᠤᠯᠵᠢᠲᠤ ᠪᠠᠶᠢᠭᠤᠯᠭ᠎ᠠ︾ ᠵᠢᠴᠢ ︽ᠠᠵᠢᠯᠲᠠᠨ ᠤ ᠨᠣᠮ ᠤᠨ ᠥᠷᠥᠭᠡ︾ ᠶᠢᠨ ᠫᠠᠶᠢᠰᠠ | ᠰᠡᠬᠦᠬᠦ ᠶᠣᠰᠣᠯᠠᠯ ᠶᠠᠪᠤᠭᠤᠯᠵᠤ᠂ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠲᠣᠰ ᠤᠳᠠᠭᠠᠨ ᠤ ᠫᠠᠶᠢᠰᠠ | ᠰᠡᠬᠦᠬᠦ ᠠᠵᠢᠯᠯᠠᠭ᠎ᠠ ᠳᠤ ᠣᠷᠣᠯᠴᠠᠪᠠ᠃ | | ᠣᠶᠢᠯᠠᠭᠠᠭᠰᠠᠨ ᠢᠶᠠᠷ᠂ ᠡᠲᠡᠭᠡᠷ ᠪᠡᠯᠡᠳᠬᠡᠮᠵᠢ ᠪᠠᠶᠢᠭᠤᠯᠤᠭᠳᠠᠭᠰᠠᠨ ᠨᠢ ᠬᠠᠶᠢᠷᠤᠪ ᠤᠨ ᠲᠣᠬᠤᠶ ᠶᠢᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠤᠯᠤᠰ ᠤᠨ ᠳᠣᠲᠣᠭᠠᠳᠤ ᠶᠢ ᠬᠠᠮᠠᠭᠠᠯᠠᠬᠤ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠬᠤ᠂ ᠠᠷᠠᠳ ᠤᠨ ᠲᠤᠰᠠᠯᠠᠬᠤ ᠴᠠᠭᠳᠠᠭ᠎ᠠ ᠶᠢᠨ ᠵᠣᠯ ᠵᠢᠷᠭᠠᠯᠲᠤ ᠲᠥᠷᠥᠭᠳᠡᠯ ᠪᠠ | ᠬᠠᠷᠢᠶᠠᠯᠠᠭᠳᠠᠬᠤ ᠰᠡᠳᠬᠢᠯᠭᠡ ᠶᠢ ᠳᠡᠭᠡᠭᠰᠢᠯᠡᠭᠦᠯᠬᠦ ᠲᠤᠬᠠᠶ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠠᠪᠤᠭᠰᠠᠨ ᠠᠯᠢ | ᠣᠯᠠᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | | | | | ︽ᠴᠠᠭᠳᠠᠭᠠᠨ ᠤ ᠬᠡᠦᠬᠡᠳ ᠤᠨ ᠴᠡᠩᠭᠡᠯ ᠤᠨ ᠬᠦᠷᠢᠶᠡᠯᠡᠩ︾ ᠨᠢ ᠪᠥᠬᠦ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠠᠩᠬᠠᠨ ᠤ ᠡᠭᠦᠳᠦᠯᠲᠡ ᠪᠣᠯᠤᠭᠰᠠᠨ ᠤ ᠬᠤᠪᠢ ᠳᠤ᠂ ᠠᠷᠠᠳ ᠤᠨ ᠲᠥᠯᠥᠭᠡ | ᠲᠤᠰᠠᠯᠠᠬᠤ ᠴᠠᠭᠳᠠᠭ᠎ᠠ ᠶᠢᠨ ᠦᠷ᠎ᠡ ᠬᠡᠦᠬᠡᠳ ᠲᠤ ᠠᠮᠤᠷ ᠲᠦᠪᠰᠢᠨ᠂ ᠬᠠᠯᠠᠭᠤᠨ ᠳᠤᠯᠠᠭᠠᠨ᠂ ᠪᠠᠶᠠᠷ ᠪᠠᠭ᠋ᠠᠳᠤᠯ ᠲᠠᠢ | ᠦᠰᠦᠨ ᠪᠤᠶᠢᠵᠢᠬᠤ ᠣᠷᠴᠢᠨ ᠲᠣᠭᠤᠷᠢᠨ ᠢ ᠬᠠᠩᠭᠠᠵᠤ᠂ ᠠᠷᠠᠳ ᠤᠨ ᠲᠤᠰᠠᠯᠠᠬᠤ ᠴᠠᠭᠳᠠᠭ᠎ᠠ ᠶᠢᠨ ᠠᠵᠢᠯ ᠶᠠᠭᠠᠷᠠᠤ | ᠪᠥᠭᠡᠳ ᠬᠡᠦᠬᠡᠳ ᠲᠤ ᠬᠠᠨᠢ ᠪᠣᠯᠵᠤ ᠴᠢᠳᠠᠬᠤ ᠥᠬᠡᠶ ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠨ᠂ | ᠴᠠᠭᠳᠠᠭᠠᠨ ᠤ ᠬᠡᠦᠬᠡᠳ ᠲᠤ ᠳᠣᠲᠣᠭᠠᠳᠤ ᠶᠢ ᠬᠠᠮᠠᠭᠠᠯᠠᠬᠤ ᠶᠡᠭᠡ ᠬᠡᠷ ᠪᠦᠯᠢ ᠶᠢᠨ ᠬᠠᠶᠢᠷ᠎ᠠ ᠬᠠᠯᠠᠮᠵᠢ ᠶᠢ | ᠬᠦᠷᠲᠡᠭᠡᠭᠰᠡᠨ ᠪᠠᠶᠢᠨ᠎ᠠ᠃ | | | | ︽ᠬᠤᠶᠢᠰᠢᠳᠠ ᠶᠢᠨ ᠵᠣᠪᠠᠨᠢᠯ︾ ᠢ ᠰᠢᠢᠤᠡᠪᠤᠷᠢᠯᠡᠬᠦ ᠶᠢᠨ ᠬᠠᠮᠲᠤ᠂ ᠬᠠᠶᠢᠷᠤᠪ ᠤᠨ ᠲᠣᠬᠤᠢ ᠶᠢᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠴᠤ ᠠᠷᠠᠳ ᠤᠨ ᠲᠤᠰᠠᠯᠠᠬᠤ ᠴᠠᠭᠳᠠᠭ᠎ᠠ ᠶᠢᠨ ᠲᠣᠰ ᠪᠡᠶ᠎ᠡ ᠶᠢᠨ | ᠰᠡᠳᠬᠢᠴᠡ ᠶᠢᠨ ᠡᠷᠡᠭᠦᠯ ᠮᠡᠨᠳᠦ ᠶᠢᠨ ᠤᠶᠢᠯᠡᠴᠢᠯᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ︽ | ᠳᠠᠷᠤᠯᠲᠠ ᠶᠢ ᠤᠳᠠᠭᠠᠰᠢᠷᠠᠭᠤᠯᠤᠨ ᠬᠥᠩᠭᠡᠷᠡᠭᠦᠯᠬᠦ︾ ᠤᠶᠢᠯᠡᠴᠢᠯᠡᠭᠡᠨ ᠤ ᠲᠥᠪ ᠢ ᠪᠡᠯᠡᠳᠬᠡᠨ ᠪᠠᠶᠢᠭᠤᠯᠵᠤ᠂ | ᠠᠷᠠᠳ ᠤᠨ ᠲᠤᠰᠠᠯᠠᠬᠤ ᠴᠠᠭᠳᠠᠭ᠎ᠠ ᠶᠢ ᠬᠠᠪᠰᠤᠷᠤᠨ ᠠᠵᠢᠯ ᠤᠨ ᠳᠠᠷᠤᠭᠠᠰᠤ ᠶᠢ ᠪᠦᠲᠦᠮᠵᠢᠲᠡᠶ ᠨᠠᠮᠳᠠᠭᠤᠯᠵᠤ᠂ | ᠰᠡᠳᠬᠢᠴᠡ ᠶᠢᠨ ᠵᠣᠬᠢᠴᠠᠭᠤᠯᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃ | | | | | ᠡᠭᠦᠨ ᠤ ᠬᠠᠮᠲᠤ᠂ ᠬᠠᠶᠢᠷᠤᠪ ᠤᠨ ᠲᠣᠬᠤᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ︽ | ᠰᠣᠶᠣᠯ ᠢᠶᠠᠷ ᠴᠠᠭᠳᠠᠭ᠎ᠠ ᠶᠢ ᠬᠥᠮᠦᠵᠢᠭᠦᠯᠬᠦ᠂ ᠰᠣᠶᠣᠯ ᠢᠶᠠᠷ ᠴᠠᠭᠳᠠᠭ᠎ᠠ ᠶᠢ ᠵᠣᠷᠢᠭᠵᠢᠭᠤᠯᠬᠤ᠂ ᠰᠣᠶᠣᠯ ᠢᠶᠠᠷ | ᠴᠠᠭᠳᠠᠭ᠎ᠠ ᠶᠢ ᠬᠦᠴᠦᠷᠬᠡᠭᠵᠢᠭᠦᠯᠬᠦ︾ ᠠᠵᠢᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠴᠠᠭᠳᠠᠭᠠᠨ ᠤ | ᠡᠵᠡᠩᠨᠡᠯᠲᠡ ᠶᠢᠨ ᠰᠣᠶᠣᠯ ᠤᠨ ᠪᠠᠶᠢᠭᠤᠯᠤᠯᠲᠠ ᠶᠢ ᠡᠩᠨᠡᠭᠡᠨ ᠤ ︽ᠳᠠᠶᠢᠴᠢᠨ ᠬᠦᠴᠦᠨ︾ ᠢ ᠳᠡᠭᠡᠭᠰᠢᠯᠡᠭᠦᠯᠬᠦ | ᠴᠢᠬᠤᠯᠠ ᠠᠷᠭ᠎ᠠ ᠬᠡᠮᠵᠢᠶ᠎ᠡ ᠪᠣᠯᠭᠠᠵᠤ᠂ ︽ᠪᠢᠴᠢᠭ ᠤᠨ ᠰᠤᠷᠪᠤᠯᠵᠢᠲᠤ ᠪᠠᠶᠢᠭᠤᠯᠭ᠎ᠠ︾ ᠵᠢᠴᠢ ︽ᠠᠵᠢᠯᠲᠠᠨ | ᠠᠵᠢᠯᠴᠢᠨ ᠤ ᠨᠣᠮ ᠤᠨ ᠥᠷᠥᠭᠡ︾ ᠶᠢᠨ ᠴᠢᠳᠠᠮᠵᠢᠲᠤ ᠣᠷᠣᠨ ᠢ ᠠᠮᠵᠢᠯᠲᠠ ᠲᠠᠢ ᠪᠠᠷ ᠨᠡᠮᠡᠵᠦ᠂ ᠨᠣᠮ ᠤᠩᠰᠢᠵᠤ | ᠰᠤᠷᠤᠯᠴᠠᠬᠤ ᠶᠢ ᠦᠨᠡᠨ ᠬᠦ ᠠᠷᠠᠳ ᠤᠨ ᠲᠤᠰᠠᠯᠠᠬᠤ ᠴᠠᠭᠳᠠᠭ᠎ᠠ ᠶᠢᠨ ᠡᠭᠦᠷᠭᠡ ᠲᠤᠰᠢᠶᠠᠯ ᠢᠶᠠᠨ ᠭᠦᠢᠴᠡᠤᠡᠭᠡᠬᠦ ᠶᠠᠰᠤ | ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠳᠣᠲᠣᠭᠠᠳᠤ ᠬᠥᠳᠡᠯᠭᠡᠬᠦ ᠬᠦᠴᠦᠨ ᠪᠣᠯᠭᠠᠵᠠᠢ︕ | ᠬᠠᠶᠢᠷᠤᠪ ᠤᠨ ᠲᠤᠬᠤᠢ ᠲᠣᠭᠤᠷᠢᠭ ᠤᠨ ᠬᠢᠨ ᠢᠮᠠᠭᠲᠠ ᠦᠨᠳᠦᠰᠦ ᠪᠠᠨ ᠪᠠᠬᠢᠵᠢᠭᠦᠯᠬᠦ ᠠᠵᠢᠯᠯᠠᠭ᠎ᠠ᠂ ᠠᠯᠤᠰ | ᠬᠡᠳᠤ ᠶᠢ ᠪᠣᠳᠣᠯᠬᠢᠯᠠᠬᠤ ᠪᠤᠳᠤᠯᠭ᠎ᠠ ᠶᠢ ᠬᠡᠷᠡᠭᠵᠢᠭᠦᠯᠵᠦ᠂ ᠴᠠᠭᠳᠠᠭᠠᠨ ᠤ ᠰᠡᠳᠬᠢᠯ ᠢ ᠣᠶᠢᠯᠠᠭᠠᠵᠤ᠂ ᠴᠠᠭᠳᠠᠭᠠᠨ ᠤ | ᠤᠶᠤᠨ ᠤᠬᠠᠭᠠᠨ ᠢ ᠬᠤᠷᠠᠮᠳᠤᠭᠤᠯᠵᠤ᠂ ᠴᠠᠭᠳᠠᠭᠠᠨ ᠤ ᠬᠦᠴᠦᠨ ᠢ ᠨᠢᠭᠲᠠᠷᠠᠭᠤᠯᠵᠤ᠂ ᠠᠷᠠᠳ ᠤᠨ ᠲᠤᠰᠠᠯᠠᠬᠤ | ᠴᠠᠭᠳᠠᠭ᠎ᠠ ᠶᠢᠨ ᠠᠵᠢᠯ ᠮᠡᠷᠭᠡᠵᠢᠯ ᠤᠨ ᠮᠡᠳᠡᠷᠡᠮᠵᠢ᠂ ᠠᠵᠢᠯ ᠦᠢᠯᠡᠰ ᠤᠨ ᠠᠮᠵᠢᠯᠲᠠ ᠪᠦᠲᠦᠮᠵᠢ ᠶᠢᠨ ᠲᠦᠷᠦᠭᠳᠡᠯ ᠪᠠ | ᠠᠮᠢᠳᠤᠷᠠᠯ ᠤᠨ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠭᠦᠨ ᠤ ᠤᠯᠠᠮ ᠠᠴᠠ ᠨᠡᠩ | ᠲᠡᠭᠦᠯᠳᠡᠷ ᠵᠣᠷᠢᠭ ᠰᠠᠨᠠᠭ᠎ᠠ ᠪᠠᠷ᠂ ︽ᠬᠥᠩᠭᠡᠨ ᠬᠠᠭᠤᠳᠠᠮ︾ ᠢᠶᠠᠷ ᠡᠳᠦᠷ ᠲᠤᠳᠤᠮ ᠤᠨ ᠠᠵᠢᠯ ᠪᠣᠯᠤᠨ | ᠣᠳᠣᠬᠠᠨ ᠤ ᠡᠯ᠎ᠡ ᠵᠦᠢᠯ ᠤᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠡᠭᠦᠷᠭᠡ ᠳᠤ ᠣᠷᠣᠯᠴᠠᠵᠤ᠂ | ᠬᠠᠶᠢᠷᠤᠪ ᠤᠨ ᠲᠤᠬᠤᠢ ᠲᠣᠭᠤᠷᠢᠭ ᠤᠨ ᠠᠮᠤᠷ ᠠᠮᠤᠭᠤᠯᠠᠩ ᠲᠣᠭᠲᠠᠭᠤᠨ᠂ ᠠᠷᠠᠳ ᠤᠯᠠᠨ ᠤ ᠡᠶ᠎ᠡ ᠵᠣᠬᠢᠴᠠᠩᠭᠤᠢ | ᠠᠮᠤᠷ ᠲᠣᠭᠲᠠᠭᠤᠨ ᠳᠤ ᠪᠦᠬᠦ ᠬᠦᠴᠦᠨ ᠢᠶᠠᠷ ᠢᠶᠠᠨ ᠬᠦᠴᠦᠨ ᠴᠢᠳᠠᠯ ᠢᠶᠠᠨ ᠡᠷᠭᠦᠨ᠎ᠡ ᠭᠡᠵᠠᠢ᠃ | |