ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠠᠮᠵᠢᠯᠲᠠ ᠲᠠᠢ ᠲᠡᠭᠦᠰᠪᠡ︕
ᠨᠡᠶᠢᠲᠡᠯᠡᠭᠰᠡᠨ ᠴᠠᠭ᠄
2025/1/13
    ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠴᠡᠭᠡᠯ ᠠᠭᠤᠯᠠ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠡᠯ᠎ᠡ ᠵᠥᠪᠯᠡᠬᠦ ᠵᠤᠶᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠠᠮᠵᠢᠯᠲᠠ ᠲᠠᠢ ᠲᠡᠭᠦᠰᠪᠡ᠃
640.png   
    2025 ᠣᠨ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠠᠴᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠲᠡᠶᠢᠰᠢ ᠯᠠᠪᠳᠠᠭᠤᠨ ᠢᠶᠠᠷ ᠰᠢᠯᠵᠢᠬᠦ ᠵᠠᠩᠭᠢᠯᠠᠭ᠎ᠠ ᠶᠢᠨ ᠵᠢᠯ ᠪᠣᠯᠪᠠ᠃ ᠴᠡᠭᠡᠯ ᠠᠭᠤᠯᠠ ᠪᠠᠯᠭᠠᠰᠤᠨ ᠤ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠ ᠶᠢ ᠤᠷᠢᠳ ᠢᠶᠠᠷ ᠬᠢᠬᠦ︾ ᠪᠠᠷ ᠵᠢᠯᠣᠭᠤᠳᠤᠮᠵᠢ ᠪᠣᠯᠭᠠᠵᠤ᠂ ︽ᠰᠢᠨ᠎ᠡ ᠵᠠᠮ ᠢ ᠡᠭᠦᠳᠦᠨ ᠳᠤᠮᠳᠠ ᠲᠦᠪᠰᠢᠨ ᠳᠤ ᠤᠷᠤᠬᠤ︾ ᠬᠠᠷᠠᠯᠲᠠ ᠶᠢ ᠲᠣᠭᠲᠠᠭᠠᠵᠤ᠂ ︽ᠬᠠᠷᠠᠯᠲᠠ ᠪᠠᠨ ᠲᠣᠭᠲᠠᠭᠠᠵᠤ᠂ ᠬᠦᠴᠢᠷ ᠢ ᠰᠥᠷᠦᠨ ᠤᠷᠤᠭᠰᠢᠯᠠᠵᠤ᠂ ᠰᠢᠷᠭᠠᠭᠤ ᠬᠠᠲᠠᠭᠤᠵᠢᠯᠲᠠᠶ ᠠᠵᠢᠯᠯᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠴᠡᠭᠡᠯ ᠠᠭᠤᠯᠠ ᠪᠠᠯᠭᠠᠰᠤᠨ ᠤ ᠡᠯ᠎ᠡ  ᠵᠤᠶᠢᠯ ᠤᠨ ᠠᠵᠢᠯ ᠤᠶᠢᠯᠡᠰ ᠤᠨ ᠴᠡᠴᠡᠭᠯᠡᠨ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃    ᠬᠤᠷᠠᠯ ᠠᠴᠠ᠂ ᠬᠥᠳᠡᠭᠡ ᠠᠵᠤ ᠠᠬᠤᠢ ᠶᠢᠨ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠰᠢᠰᠲ᠋ᠧᠮ ᠢ ᠲᠦᠷᠭᠡᠨ ᠪᠤᠶᠢᠵᠢᠭᠤᠯᠵᠤ᠂ ᠭᠤᠷᠪᠠᠨ ᠠᠵᠤ ᠦᠢᠯᠡᠰ ᠤᠨ ᠠᠭᠤᠰᠤᠯᠴᠠᠯ ᠢ ᠠᠬᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠪᠤᠵᠠᠭᠠᠶᠢᠷᠠᠭᠤᠯᠵᠤ ᠂ ᠠᠵᠤ ᠦᠢᠯᠡᠳᠪᠦᠷᠢ ᠶᠢᠨ ᠬᠥᠳᠡᠭᠡ ᠠᠵᠤ ᠠᠬᠤᠢ ᠶᠢ ᠬᠥᠭᠵᠢᠭᠦᠯᠬᠦ ᠶᠢ ᠠᠬᠢᠭᠤᠯᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠵᠤ᠂ ᠰᠠᠭᠤᠷᠢ ᠪᠠᠲᠤᠯᠠᠭ᠎ᠠ ᠶᠢ ᠰᠠᠶᠢᠲᠤᠷ ᠬᠢᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠵᠤ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠲᠤᠲᠠᠢ ᠠᠬᠢᠭᠤᠯᠬᠤ᠂ ᠴᠡᠭᠡᠯ ᠠᠭᠤᠯᠠ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠃    ᠶᠡᠭᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠠᠵᠢᠯ ᠤᠨ ᠮᠡᠳᠡᠭᠦᠯᠦᠯᠲᠡ ᠶᠢᠨ ᠰᠢᠢᠳᠪᠦᠷᠢ ︵ᠲᠥᠰᠦᠯ︶︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠰᠢᠢᠳᠪᠦᠷᠢ ︵ᠲᠥᠰᠦᠯ︶︾ ᠪᠣᠯᠤᠨ ︽ᠨᠠᠮ ᠤᠨ ᠰᠦᠢᠳᠬᠡᠯ ᠢ ᠬᠤᠷᠢᠶᠠᠭᠰᠠᠨ᠂ ᠬᠡᠷᠡᠭᠯᠡᠭᠰᠡᠨ ᠪᠠ ᠬᠠᠮᠢᠶᠠᠷᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢᠨ ᠰᠢᠢᠳᠪᠦᠷᠢ ︵ᠲᠥᠰᠦᠯ︶︾ ᠶᠢ ᠪᠠᠲᠤᠯᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号