ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠤᠶ᠎ᠠ ︵ᠲᠦᠷᠪᠡ︶
ᠨᠡᠶᠢᠲᠡᠯᠡᠭᠰᠡᠨ ᠴᠠᠭ᠄
2025/1/14
ᠬᠠᠶᠢᠷᠤᠪ ᠤᠨ ᠲᠤᠬᠤᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ     ᠪᠢᠶᠠᠨ ᠢᠦᠢ        ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠪᠣᠯᠤᠨ ᠮᠠᠨ ᠤ ᠬᠤᠳᠠ ᠶᠢᠨ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠲᠣᠭᠲᠠᠭᠠᠭᠰᠠᠨ ︽ᠰᠢᠨ᠎ᠡ ᠵᠠᠮ ᠢᠶᠠᠷ ᠵᠠᠮᠨᠠᠵᠤ᠂ ᠳᠤᠮᠳᠠ ᠲᠦᠪᠰᠢᠨ ᠳᠤ ᠤᠷᠤᠬᠤ︾ ᠠᠵᠢᠯ ᠤᠨ ᠬᠠᠷᠠᠯᠲᠠ ᠶᠣᠰᠣᠭᠠᠷ᠂ ᠳᠠᠷᠠᠭᠠᠴᠢ ᠶᠢᠨ ᠠᠯᠬᠤᠮ ᠳᠤ ᠪᠢ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠤ ᠳᠠᠷᠠᠭᠠᠬᠢ ᠠᠵᠢᠯ ᠢ ᠢᠳᠡᠪᠬᠢᠲᠡᠢ ᠰᠠᠶᠢᠲᠤᠷ ᠬᠢᠵᠦ᠂ ︽ᠬᠥᠷᠰᠢ ᠵᠡᠷᠭᠡᠯᠡᠳᠡᠭᠡ ᠨᠠᠮ ᠤᠨ ᠪᠠᠶᠢᠭᠤᠯᠤᠯᠲᠠ︾᠎ ᠶᠢᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠭᠤᠣᠯ ᠰᠢᠵᠢᠮ ᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠬᠦ ᠪᠣᠯᠤᠨ᠎ᠠ᠃ ︽ᠨᠠᠮ ᠤᠨ ᠲᠥᠷᠥ ᠶᠢᠨ ᠪᠣᠳᠣᠯᠭ᠎ᠠ ᠶᠢ ᠵᠢᠵᠢᠭ ᠲᠣᠭᠤᠷᠢᠭ ᠲᠤ ᠣᠷᠣᠭᠤᠯᠬᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠵᠢᠵᠢᠭ ᠲᠣᠭᠤᠷᠢᠭ ᠲᠤ ᠣᠷᠣᠭᠤᠯᠬᠤ᠂ ᠵᠥᠷᠢᠴᠡᠯ ᠢ ᠵᠢᠭᠰᠠᠭᠠᠨ ᠪᠠᠶᠢᠴᠠᠭᠠᠬᠤ ᠶᠢ ᠵᠢᠵᠢᠭ ᠲᠣᠭᠤᠷᠢᠭ ᠲᠤ ᠣᠷᠣᠭᠤᠯᠬᠤ᠂ ᠡᠶᠡᠯᠳᠡᠭ ᠬᠥᠷᠰᠢ ᠶᠢᠨ ᠰᠣᠶᠣᠯ ᠢ ᠵᠢᠵᠢᠭ ᠲᠣᠭᠤᠷᠢᠭ ᠲᠤ ᠣᠷᠣᠭᠤᠯᠬᠤ᠂ ᠨᠠᠷᠢᠯᠢᠭ ᠵᠠᠰᠠᠬᠤ ᠶᠢ ᠵᠢᠵᠢᠭ ᠲᠣᠭᠤᠷᠢᠭ ᠲᠤ ᠣᠷᠣᠭᠤᠯᠬᠤ︾ ᠵᠡᠷᠭᠡ ︽ᠲᠠᠪᠤ ᠶᠢ ᠵᠢᠵᠢᠭ ᠲᠣᠭᠤᠷᠢᠭ ᠲᠤ ᠣᠷᠣᠭᠤᠯᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠠᠷᠢᠶᠠᠯᠠᠬᠤ ᠣᠷᠣᠨ ᠤ ︽ᠲᠠᠪᠤ ᠶᠢ ᠴᠢᠨᠡᠭᠡᠯᠢᠭᠵᠢᠭᠦᠯᠬᠦ︾ ᠳᠠᠭᠠᠭᠤᠯᠤᠭᠴᠢ ᠶᠢ ᠰᠢᠯᠢᠳᠡᠭ ᠢ ᠨᠢ ᠰᠣᠩᠭᠤᠨ ᠲᠣᠬᠢᠷᠠᠭᠤᠯᠵᠤ᠂ ᠠᠰᠠᠷ ᠤᠨ ᠳᠠᠷᠤᠭ᠎ᠠ᠂ ᠨᠢᠭᠡᠴᠢ ᠶᠢᠨ ᠳᠠᠷᠤᠭ᠎ᠠ ᠵᠡᠷᠭᠡ ᠨᠡᠶᠢᠭᠡᠮ ᠲᠣᠭᠤᠷᠢᠭ ᠤᠨ ︽ᠬᠠᠯᠠᠭᠤᠨ ᠰᠡᠳᠬᠢᠯ ᠲᠠᠢ ᠬᠥᠮᠦᠨ︾᠎ ᠢ ᠠᠭᠤᠳᠠᠯᠵᠤ᠂ ᠥᠨᠥᠴᠢᠨ ᠪᠡᠯᠪᠡᠰᠦᠨ ᠥᠨᠥᠴᠢᠨ ᠬᠡᠦᠬᠡᠳ᠂ ᠨᠠᠰᠤᠲᠠᠨ ᠨᠢᠯᠬᠠᠰ ᠵᠢᠵᠢᠭ ᠵᠡᠷᠭᠡ ᠣᠨᠴᠠᠭᠠᠶ ᠬᠥᠮᠦᠰ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠰᠠᠶᠢᠲᠤᠷ ᠬᠢᠵᠦ᠂ ︽ᠵᠢᠵᠢᠭ ᠨᠡᠶᠢᠭᠡᠮ ᠲᠣᠭᠤᠷᠢᠭ ᠤᠨ ᠶᠡᠭᠡ ᠵᠠᠰᠠᠯᠲᠠ︾᠎ ᠶᠢᠨ ᠠᠵᠢᠯ ᠤᠨ ᠪᠠᠶᠢᠷᠢᠰᠢᠯ ᠢ ᠢᠳᠡᠪᠬᠢᠲᠡᠶ ᠪᠠᠶᠢᠭᠤᠯᠵᠤ᠂ ᠣᠯᠠᠨ ᠲᠦᠮᠡᠨ ᠳᠤ ᠦᠢᠯᠡᠴᠢᠯᠡᠬᠦ ᠪᠠ ᠦᠨᠳᠦᠰᠦᠨ ᠱᠠᠲᠤᠨ ᠤ ᠵᠠᠰᠠᠯᠲᠠ ᠶᠢᠨ ︽ᠡᠴᠦᠰ ᠤᠨ ᠨᠢᠭᠡ  ᠮᠧᠲᠷ︾᠎ ᠢ ᠪᠥᠬᠦ ᠬᠦᠴᠦᠨ ᠢᠶᠠᠷ ᠢᠶᠠᠨ ᠨᠡᠪᠳᠡᠷᠡᠭᠦᠯᠤᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号