ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠤᠶ᠎ᠠ ︵ᠭᠤᠷᠪᠠ︶
ᠨᠡᠶᠢᠲᠡᠯᠡᠭᠰᠡᠨ ᠴᠠᠭ᠄
2025/1/14
ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ      ᠮᠠ ᠽᠢ ᠯᠢᠶᠠᠩ        ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠳᠠᠮᠵᠢᠭᠤᠯᠤᠨ᠂ ᠲᠣᠰ ᠤᠳᠠᠭᠠᠨ ᠤ ᠪᠥᠬᠦᠳᠡ ᠬᠤᠷᠠᠯ ᠠᠴᠠ ᠨᠢᠭᠡᠨᠲᠡ ᠡᠨᠡ ᠵᠢᠯ ᠵᠢᠴᠢ ᠢᠷᠡᠭᠡᠳᠦᠶ ᠶᠢᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠪᠠ ᠡᠨᠡ ᠵᠢᠯ ᠤᠨ ᠠᠵᠤ ᠠᠬᠤᠶ ᠶᠢᠨ ᠠᠵᠢᠯ ᠤᠨ ᠬᠠᠷᠠᠯᠲᠠ ᠶᠢ ᠲᠣᠳᠣᠷᠬᠠᠶᠢᠯᠠᠭᠰᠠᠨ ᠪᠠᠶᠢᠨ᠎ᠠ᠃ ᠪᠢᠳᠡ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠤᠯ ᠤᠶᠢᠯᠡᠴᠢᠯᠡᠭᠡᠨ ᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠣᠳᠠᠲᠠᠶ ᠲᠥᠷᠥᠯ ᠵᠤᠶᠢᠯ ᠪᠠ ᠠᠵᠤ ᠠᠬᠤᠶᠢᠯᠠᠯ ᠳᠤ ᠤᠶᠢᠯᠡᠴᠢᠯᠡᠬᠦ ᠪᠠᠷ ᠳᠠᠮᠵᠢᠭᠤᠯᠤᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠲᠣᠭᠲᠠᠭᠰᠠᠨ ᠬᠠᠷᠠᠯᠲᠠ ᠪᠠᠨ ᠪᠡᠶᠡᠯᠡᠭᠦᠯᠦᠨ᠎ᠡ᠃ ᠨᠢᠭᠡ ᠳᠤ᠂ ᠣᠲᠣ ᠶᠢᠨ ᠪᠠᠶᠢᠭ᠎ᠠ ᠬᠡᠤᠷᠰᠢᠭᠦᠯᠬᠦ᠂ ᠪᠣᠯᠣᠳ ᠲᠡᠮᠦᠷ ᠤᠨ ᠤᠯᠠᠮᠵᠢᠯᠠᠯᠲᠤ ᠠᠵᠤ ᠦᠢᠯᠡᠰ ᠢ ᠲᠠᠰᠤᠷᠠᠯᠲᠠ ᠥᠬᠡᠶ ᠨᠠᠷᠢᠯᠢᠭ ᠬᠢᠵᠦ᠂ ᠣᠲᠣ ᠶᠢᠨ ᠪᠠᠶᠢᠭ᠎ᠠ ᠤᠯᠠᠮᠵᠢᠯᠠᠯᠲᠤ ᠠᠵᠤ ᠦᠢᠯᠡᠰ ᠤᠨ ᠠᠵᠤ ᠦᠢᠯᠡᠳᠪᠦᠷᠢ ᠶᠢᠨ ᠪᠦᠲᠦᠭᠡᠭᠳᠡᠬᠦᠨ ᠴᠥᠮ ᠬᠠᠷᠢᠴᠠᠩᠭᠤᠶ ᠪᠠᠷ ᠦᠯᠡᠭᠦᠳᠡᠭᠰᠡᠨ ᠠᠬᠤᠶ ᠪᠠᠶᠢᠳᠠᠯ ᠳᠣᠤᠷ᠎ᠠ᠂ ᠪᠢᠳᠡ ᠬᠡᠮᠵᠢᠶ᠎ᠡ ᠪᠠᠷ ᠠᠮᠵᠢᠯᠲᠠ ᠤᠯᠬᠤ ᠶᠢ ᠬᠥᠭᠡᠭᠡᠴᠡᠯᠳᠦᠬᠦ ᠥᠬᠡᠶ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠲᠥᠬᠦᠭᠡᠷᠦᠮᠵᠢ ᠶᠢ ᠰᠢᠨᠡᠴᠢᠯᠡᠬᠦ᠂ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠵᠡᠷᠭᠡ ᠮᠡᠷᠭᠡᠵᠢᠯ ᠤᠨ ᠥᠭᠡᠷᠡᠴᠢᠯᠡᠯᠲᠡ ᠪᠠᠷ ᠳᠠᠮᠵᠢᠭᠤᠯᠤᠨ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠬᠤᠶᠠᠷ ᠲᠤ᠂ ᠬᠠᠲᠠᠭᠤ ᠪᠡᠶᠡᠲᠦ ᠯᠢᠲ᠋ᠢ ᠳ᠋ᠢᠶᠠᠨ ᡂᠢ ᠪᠠᠷ ᠭᠤᠣᠯ ᠪᠣᠯᠭᠠᠭᠰᠠᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠵᠦ᠂ ᠢᠷᠡᠭᠡᠳᠦᠢ ᠳᠤ ᠮᠠᠨ ᠤ ᠲᠤᠭᠤᠷᠢᠭ ᠲᠤᠩᠭᠠᠯᠠᠭ ᠸᠠᠭᠠᠷ ᠤᠨ ᠲᠦᠷᠦᠯ ᠵᠦᠢᠯ ᠪᠣᠯᠤᠨ ᠤᠳᠤ ᠶᠢᠨ ᠪᠣᠬᠢᠷᠲᠤᠯ ᠦᠭᠡᠢ ᠴᠠᠬᠢᠯᠭᠠᠨ ᠤ ᠡᠬᠢ ᠪᠠᠶᠠᠯᠢᠭ ᠲᠤ ᠲᠦᠰᠢᠭᠯᠡᠨ ᠬᠠᠲᠠᠭᠤ ᠪᠡᠶᠡᠲᠦ ᠯᠢᠲ᠋ᠢ ᠶᠢᠨ ᠳ᠋ᠢᠶᠠᠨ ᡂᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠬᠥᠭᠵᠢᠭᠦᠯᠵᠦ᠂ ᠮᠠᠨ ᠤ ᠬᠤᠲᠠ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号