ᠬᠠᠶᠢᠷᠤᠪ ᠤᠨ ᠲᠤᠬᠤᠢ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ | ᠷᠧᠨ ᠫᠧᠢ ᠵᠢᠶᠦ᠋ᠨ | | ᠡᠨᠡ ᠵᠢᠯ᠂ ᠪᠢᠳᠡ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠵᠢᠴᠢ ᠲᠤᠭᠤᠷᠢᠭ ᠤᠨ ᠨᠠᠮ ᠤᠨ | ᠬᠤᠷᠢᠶᠠᠨ ᠤ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠲᠤᠭᠤᠷᠢᠭ ᠤᠨ ᠠᠵᠤ | ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠵᠢᠯ ᠣᠯᠭᠤᠯᠲᠠ ᠶᠢ | ᠠᠬᠢᠭᠤᠯᠬᠤ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠭᠤᠤᠯᠳᠠᠯᠭ᠎ᠠ ᠲᠠᠢ ᠬᠥᠮᠦᠰ ᠲᠤ | ᠠᠵᠢᠯ ᠣᠯᠭᠤᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ | ᠨᠢᠭᠡ ᠲᠠᠯ᠎ᠠ ᠪᠠᠷ᠂ ᠪᠢᠳᠡ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ | ᠭᠤᠣᠯᠳᠠᠯᠭ᠎ᠠ ᠲᠠᠢ ᠬᠥᠮᠦᠰ ᠤᠨ ᠠᠵᠢᠯ ᠤᠯᠬᠤ ᠤᠷ᠎ᠠ ᠴᠢᠳᠠᠪᠤᠷᠢ ᠪᠣᠯᠤᠨ ᠦᠢᠯᠡᠰ ᠪᠤᠰᠬᠠᠬᠤ ᠴᠢᠳᠠᠪᠤᠷᠢ ᠶᠢ | ᠳᠡᠭᠡᠭᠰᠢᠯᠡᠭᠦᠯᠵᠦ᠂ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠪᠠ ᠠᠮᠢᠳᠤᠯᠢᠭ ᠢᠶᠠᠷ ᠠᠵᠢᠯ | ᠣᠯᠭᠤᠬᠤ ᠬᠥᠭᠵᠢᠯᠲᠡ ᠶᠢ ᠠᠬᠢᠭᠤᠯᠤᠨ᠎ᠠ᠃ | ᠨᠥᠭᠦᠭᠡ ᠲᠠᠯ᠎ᠠ ᠪᠠᠷ᠂ ᠪᠢᠳᠡ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠦᠨᠳᠦᠰᠦᠨ | ᠱᠠᠲᠤᠨ ᠳᠤ ᠤᠯᠠᠮ ᠨᠢᠭᠡ ᠠᠯᠬᠤᠮ ᠬᠦᠷᠭᠡᠬᠦ ᠶᠢ ᠠᠬᠢᠭᠤᠯᠵᠤ᠂ ᠨᠢᠭᠡᠨᠲᠡ ᠪᠠᠶᠢᠭ᠎ᠠ ᠡᠯ᠎ᠡ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠤᠨ ᠬᠡᠷ ᠤᠨ ᠡᠭᠦᠳᠡᠨ ᠳᠠᠬᠢ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ ᠶᠢᠨ | ᠰᠠᠭᠤᠷᠢᠨ ᠳᠡᠭᠡᠷ᠎ᠡ᠂ ᠡᠨᠡ ᠵᠢᠯ ᠸᠠᠨ ᠳ᠋ᠠ ᠬᠤᠳᠠᠯᠳᠤᠭᠠᠨ ᠤ ᠲᠣᠭᠤᠷᠢᠭ᠂ ᠳᠡᠭᠡᠳᠦ ᠬᠤᠷᠳᠤᠴᠠᠲᠤ ᠲᠡᠮᠦᠷ ᠵᠠᠮ ᠤᠨ | ᠥᠷᠲᠡᠭᠡ ᠪᠠ ᠡᠳᠦᠷ ᠤᠨ ᠬᠦᠴᠦᠨ ᠤ ᠵᠠᠬ᠎ᠠ ᠳᠡᠯᠭᠡᠭᠦᠷ ᠲᠤ ᠦᠢᠯᠡᠴᠢᠯᠡᠭᠡᠨ ᠤ ᠥᠷᠲᠡᠭᠡ ᠨᠡᠮᠡᠵᠦ ᠪᠠᠶᠢᠭᠤᠯᠬᠤ ᠪᠠᠷ | ᠲᠥᠯᠥᠪᠯᠡᠵᠦ ᠪᠣᠶ᠃ ᠪᠢᠳᠡ ᠲᠤᠰᠬᠠᠶ ᠮᠡᠷᠭᠡᠵᠢᠯ ᠤᠨ ᠠᠵᠢᠯ ᠮᠡᠷᠭᠡᠵᠢᠯ ᠤᠨ ᠵᠢᠯᠣᠭᠤᠳᠣᠯᠭ᠎ᠠ ᠪᠠ ᠠᠵᠢᠯ | ᠮᠡᠷᠭᠡᠵᠢᠯ ᠤᠨ ᠲᠥᠯᠥᠪᠵᠢᠭᠦᠯᠭᠡ ᠶᠢᠨ ᠦᠨᠳᠦᠰᠦᠨ ᠱᠠᠲᠤᠨ ᠳᠤ ᠠᠵᠢᠯ ᠣᠯᠭᠤᠬᠤ ᠦᠢᠯᠡᠴᠢᠯᠡᠭᠡᠨ ᠤ ᠥᠷᠲᠡᠭᠡ | ᠴᠡᠭ ᠤᠨ ᠦᠢᠯᠡᠳᠦᠯ ᠢ ᠴᠢᠩᠭᠠᠳᠬᠠᠵᠤ᠂ ᠠᠵᠢᠯ ᠡᠷᠢᠭᠰᠡᠳ ᠲᠤ ᠥᠪᠡᠷᠮᠢᠴᠡ ᠴᠢᠨᠠᠷᠲᠠᠶ ᠠᠵᠢᠯ ᠮᠡᠷᠭᠡᠵᠢᠯ ᠤᠨ | ᠵᠢᠯᠤᠭᠤᠳᠤᠯᠭ᠎ᠠ ᠵᠡᠷᠭᠡ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠵᠤ᠂ ᠨᠡᠩ ᠤᠯᠠᠨ ᠠᠵᠢᠯ ᠡᠷᠢᠭᠰᠡᠳ ᠢ | ᠬᠠᠪᠰᠤᠷᠤᠨ ᠭᠡᠷ ᠤᠨ ᠡᠭᠦᠳᠡᠨ ᠳᠤ ᠠᠵᠢᠯ ᠣᠯᠭᠤᠨ᠎ᠠ᠃ | ᠡᠭᠦᠨ ᠠᠴᠠ ᠭᠠᠳᠠᠨ᠎ᠠ᠂ ᠪᠢᠳᠡ ᠠᠵᠢᠯᠲᠠᠨ ᠡᠯᠰᠡᠬᠦ ᠠᠵᠢᠯᠯᠠᠭ᠎ᠠ ᠶᠢᠨ ᠳᠠᠪᠲᠠᠮᠵᠢ ᠤᠳᠠᠭ᠎ᠠ ᠪᠠ ᠠᠵᠢᠯᠯᠠᠭ᠎ᠠ ᠶᠢᠨ | ᠬᠡᠯᠪᠡᠷᠢ ᠶᠢ ᠳᠡᠭᠡᠭᠰᠢᠯᠡᠭᠦᠯᠵᠦ᠂ ᠬᠠᠶᠢᠷᠤᠪ ᠤᠨ ᠲᠣᠬᠤᠢ ᠶᠢᠨ ᠠᠵᠤ ᠠᠬᠤᠶᠢᠯᠠᠯ ᠵᠢᠴᠢ ᠰᠢᠨ᠎ᠡ ᠪᠠᠷ ᠬᠥᠭᠵᠢᠭᠰᠡᠨ | ᠠᠵᠤ ᠦᠢᠯᠡᠰ ᠤᠨ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠬᠡᠷᠡᠭᠴᠡᠭᠡ ᠳᠤ ᠴᠢᠭᠯᠡᠭᠦᠯᠦᠨ᠂ ᠪᠥᠬᠦ | ᠤᠯᠤᠰ ᠤᠨ ᠳᠡᠭᠡᠳᠦ ᠰᠤᠷᠭᠠᠭᠤᠯᠢ ᠳᠤ ᠴᠡᠭ ᠲᠣᠭᠲᠠᠭᠠᠨ ᠠᠵᠢᠯᠲᠠᠨ ᠡᠯᠰᠡᠬᠦ ᠬᠤᠷᠠᠯ ᠥᠷᠨᠢᠭᠦᠯᠬᠦ ᠪᠠᠷ ᠲᠥᠯᠥᠪᠯᠡᠵᠦ | ᠪᠠᠶᠢᠨ᠎ᠠ᠃ ᠡᠳᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠢᠳᠡ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ | ᠨᠠᠩ ᠰᠠᠶᠢᠲᠤᠷ ᠪᠠᠳᠠᠷᠠᠭᠤᠯᠵᠤ᠂ ᠬᠥᠮᠦᠨ ᠬᠡᠷᠡᠭᠯᠡᠬᠦ ᠨᠢᠭᠡᠴᠢ ᠪᠣᠯᠤᠨ ᠠᠵᠢᠯ ᠡᠷᠢᠭᠰᠡᠳ ᠲᠤ ᠨᠠᠷᠢᠯᠢᠭ | ᠣᠨᠣᠴᠠᠲᠠᠶ ᠪᠠᠷ ᠵᠣᠬᠢᠴᠠᠭᠰᠠᠨ᠂ ᠳᠥᠭᠦᠮ ᠳᠥᠲᠡ ᠥᠨᠳᠥᠷ ᠪᠦᠲᠦᠮᠵᠢᠲᠡᠶ ᠠᠵᠢᠯ ᠣᠯᠭᠤᠯᠲᠠ ᠶᠢᠨ ᠦᠢᠯᠡᠴᠢᠯᠡᠭᠡ | ᠬᠠᠩᠭᠠᠵᠤ᠂ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠵᠢᠯ | ᠣᠯᠭᠤᠯᠲᠠ ᠶᠢᠨ ᠪᠠᠶᠢᠳᠠᠯ ᠤᠨ ᠲᠣᠭᠲᠠᠭᠤᠨ ᠤ ᠳᠤᠮᠳᠠ ᠰᠠᠶᠢᠵᠢᠷᠠᠬᠤ ᠶᠢ ᠦᠷᠭᠦᠯᠵᠢᠯᠡᠨ ᠠᠬᠢᠭᠤᠯᠤᠨ᠎ᠠ᠃ | |