ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠢᠶᠠᠨ ᠰᠢᠤᠢ ᠰᠢᠶᠠ | | | | 2025 ᠣᠨ ᠳᠤ᠂ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ | ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ | ᠶᠣᠰᠣᠭᠠᠷ᠂ ᠬᠠᠶᠢᠷᠤᠪ ᠤᠨ ᠲᠤᠬᠤᠢ ᠶᠢᠨ ᠰᠤᠷᠭᠠᠨ ᠬᠥᠮᠦᠵᠢᠯ ᠨᠢ ︽ᠰᠢᠨ᠎ᠡ ᠵᠠᠮ ᠢ ᠨᠡᠭᠡᠭᠡᠵᠦ ᠳᠤᠮᠳᠠ | ᠲᠦᠪᠰᠢᠨ ᠳᠤ ᠤᠷᠤᠬᠤ︾ ᠠᠵᠢᠯ ᠤᠨ ᠱᠠᠭᠠᠷᠳᠠᠯᠭ᠎ᠠ ᠶᠢ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠬᠤ ᠪᠣᠯᠤᠨ᠎ᠠ᠃ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠴᠢᠳᠠᠪᠤᠷᠢᠲᠠᠨ ᠢ ᠣᠷᠣᠭᠤᠯᠤᠨ | ᠬᠥᠮᠦᠵᠢᠭᠦᠯᠬᠦ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ᠂ ᠲᠣᠭᠲᠠᠴᠠ ᠶᠢᠨ ᠥᠭᠡᠷᠡᠴᠢᠯᠡᠯᠲᠡ ᠳᠡᠭᠡᠷ᠎ᠡ ᠬᠦᠴᠦ | ᠲᠠᠯᠪᠢᠨ᠎ᠠ᠃ ︽ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠥᠨᠳᠥᠷ ᠡᠬᠢᠯᠡᠯᠲᠡ ᠶᠢᠨ ᠴᠡᠭ ᠤᠨ ᠰᠤᠷᠭᠠᠨ | ᠬᠥᠮᠦᠵᠢᠯ ᠤᠨ ᠰᠢᠨ᠎ᠡ ᠲᠣᠭᠤᠷᠢᠭ ᠢ ᠪᠦᠲᠦᠭᠡᠨ ᠪᠠᠶᠢᠭᠤᠯᠬᠤ︾ ᠶᠢ ᠴᠢᠬᠤᠯᠠ ᠶᠡᠭᠡ ᠲᠥᠷᠥᠯ ᠵᠦᠢᠯ ᠤᠨ | ᠲᠥᠯᠥᠪᠵᠢᠭᠦᠯᠭᠡ ᠶᠢᠨ ᠠᠵᠢᠯᠯᠠᠭ᠎ᠠ ᠪᠣᠯᠭᠠᠨ᠎ᠠ᠃ ᠣᠷᠣᠨ ᠪᠦᠰᠡ ᠶᠢᠨ ᠰᠤᠷᠭᠠᠨ ᠬᠥᠮᠦᠵᠢᠯ ᠤᠨ ᠥᠨᠳᠥᠷ ᠬᠢᠷᠢ | ᠲᠦᠪᠰᠢᠨ ᠪᠥᠬᠦᠶ ᠬᠠᠮᠲᠤᠷᠠᠨ ᠰᠤᠷᠭᠠᠭᠤᠯᠢ ᠡᠷᠭᠢᠯᠡᠬᠦ ᠵᠠᠭᠪᠤᠷ ᠢ ᠭᠦᠨᠵᠡᠭᠡᠶ ᠥᠷᠨᠢᠭᠦᠯᠵᠦ᠂ ᠨᠢᠭᠡᠨ ᠥᠨᠳᠥᠷ | ᠭᠠᠷᠤᠭ᠎ᠠ ᠲᠠᠢ ᠪᠠᠷ ᠰᠢᠨ᠎ᠡ ᠪᠠᠷ ᠪᠠᠶᠢᠭᠤᠯᠤᠭᠰᠠᠨ ᠰᠤᠷᠭᠠᠭᠤᠯᠢ ᠶᠢ ᠪᠠᠶᠢᠭᠤᠯᠤᠨ᠎ᠠ᠃ ᠪᠦᠯᠦᠭᠵᠢᠭᠦᠯᠦᠨ ᠰᠤᠷᠭᠠᠭᠤᠯᠢ | ᠡᠷᠬᠢᠯᠡᠬᠦ ᠠᠮᠵᠢᠯᠲᠠ ᠲᠠᠢ ᠲᠤᠷᠰᠢᠯᠭ᠎ᠠ ᠶᠢ ᠪᠦᠬᠦ ᠲᠤᠭᠤᠷᠢᠭ ᠳᠤ ᠬᠦᠷᠲᠡᠯ᠎ᠡ ᠤᠷᠲᠤᠳᠬᠠᠵᠤ᠂ ᠰᠢᠯᠢᠳᠡᠭ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠰᠠᠴᠤᠷᠠᠭ ᠤᠨ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠶᠢᠨ ᠨᠡᠶᠢᠳᠡᠮ ᠠᠰᠢᠭ ᠬᠦᠷᠲᠡᠭᠡᠬᠦ ᠣᠷᠣᠨ ᠤ ᠪᠦᠲᠦᠭᠡᠨ | ᠪᠠᠶᠢᠭᠤᠯᠤᠯᠲᠠ ᠶᠢ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠢᠶᠠᠷ ᠦᠵᠡᠵᠦ᠂ ᠨᠢᠯᠬ᠎ᠠ ᠬᠡᠦᠬᠡᠳ ᠢ | ᠰᠢᠯᠢᠳᠡᠭ ᠪᠣᠯᠭᠠᠨ ᠪᠤᠶᠢᠵᠢᠭᠤᠯᠬᠤ ᠶᠢ ᠪᠡᠶᠡᠯᠡᠭᠦᠯᠦᠨ᠎ᠡ᠃ ᠣᠷᠣᠨ ᠪᠦᠰᠡ ᠶᠢᠨ ᠴᠢᠳᠠᠪᠤᠷᠢᠲᠠᠨ ᠤ ᠪᠠᠶᠢᠭᠤᠯᠤᠯᠲᠠ ᠶᠢᠨ | ᠰᠢᠰᠲ᠋ᠧᠮ ᠢ ᠰᠢᠯᠢᠳᠡᠭᠵᠢᠭᠦᠯᠵᠦ᠂ ᠴᠢᠳᠠᠪᠤᠷᠢᠲᠠᠨ ᠤ ᠱᠠᠲᠤᠯᠢᠭ ᠡᠩᠨᠡᠭᠡ ᠶᠢ ᠪᠦᠷᠢᠯᠳᠦᠭᠦᠯᠵᠦ᠂ ᠣᠷᠣᠨ ᠤ | ᠬᠠᠮᠢᠶᠠᠷᠤᠯᠲᠠ ᠶᠢᠨ ᠰᠤᠷᠭᠠᠭᠤᠯᠢ ᠠᠴᠠ ᠤᠷᠢᠬᠤ᠂ ᠪᠠᠭᠰᠢ ᠰᠣᠯᠢᠯᠴᠠᠬᠤ ᠠᠵᠢᠯ ᠢ ᠦᠷᠭᠦᠯᠵᠢᠯᠡᠨ ᠠᠬᠢᠭᠤᠯᠵᠤ᠂ | ᠣᠷᠣᠨ ᠪᠦᠰᠡ ᠶᠢᠨ ᠪᠠᠭᠰᠢ ᠶᠢᠨ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠦᠨ᠎ᠡ︔ | ᠰᠤᠷᠭᠠᠭᠤᠯᠢ ᠶᠢᠨ ᠬᠦᠷᠢᠶᠡᠨ ᠤ ᠳᠠᠷᠤᠭ᠎ᠠ ᠶᠢᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ | ᠰᠤᠷᠭᠠᠭᠤᠯᠢ ᠶᠢᠨ ᠬᠦᠷᠢᠶᠡᠨ ᠤ ᠳᠠᠷᠤᠭ᠎ᠠ ᠶᠢᠨ ᠰᠢᠯᠭᠠᠨ ᠬᠢᠨᠠᠬᠤ ᠪᠠᠷᠢᠮᠵᠢᠶ᠎ᠠ ᠳᠤ ᠥᠭᠡᠷᠡᠴᠢᠯᠡᠯᠲᠡ ᠬᠢᠵᠦ᠂ ᠰᠤᠷᠭᠠᠨ | ᠬᠥᠮᠦᠵᠢᠯ ᠤᠨ ᠬᠠᠮᠢᠶᠠᠷᠤᠯᠲᠠ ᠶᠢᠨ ᠡᠩᠨᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ 2025 ᠣᠨ ᠳᠤ | ᠯᠠᠪᠳᠠᠭᠤᠨ ᠪᠠᠲᠤᠲᠠᠶ ᠰᠤᠷᠲᠠᠯ ᠢᠶᠠᠷ ᠠᠷᠠᠳ ᠣᠯᠠᠨ ᠤ ᠰᠤᠷᠭᠠᠨ ᠬᠥᠮᠦᠵᠢᠯ ᠤᠨ ᠬᠦᠰᠡᠯ ᠡᠷᠡᠮᠡᠯᠵᠡᠯ ᠳᠤ | ᠬᠠᠷᠢᠭᠤᠯᠲᠠ ᠥᠭᠴᠦ᠂ ᠰᠤᠷᠭᠠᠨ ᠬᠥᠮᠦᠵᠢᠯ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | |