ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠨᠢᠭᠡᠳᠦᠯᠲᠡᠢ | ᠪᠠᠶᠢᠷᠢᠯᠠᠭᠤᠯᠤᠯᠲᠠ ᠶᠢ ᠦᠨᠳᠦᠰᠦᠯᠡᠨ᠂ 1 ᠰᠠᠷ᠎ᠠ ᠶᠢᠨ 14 ᠤ ᠡᠳᠦᠷ ᠪᠣᠯᠲᠠᠯ᠎ᠠ᠂ ᠶᠢᠰᠦᠳᠦᠭᠡᠷ ᠬᠤᠭᠤᠴᠠᠭᠠᠨ ᠤ | ᠲᠣᠭᠤᠷᠢᠭ ᠤᠨ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠨᠢ ᠨᠢᠭᠡᠨᠲᠡ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ᠂ | ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ ᠤᠨ ᠨᠠᠮ ᠤᠨ ᠤᠳᠤᠷᠢᠳᠬᠤ | ᠳᠤᠭᠤᠶᠢᠯᠠᠩ᠂ ᠰᠢᠨᠬᠤᠸᠠ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠵᠡᠷᠭᠡ 14 ᠲᠣᠭᠤᠷᠢᠨ | ᠪᠠᠶᠢᠴᠠᠭᠠᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠭᠳᠠᠭᠰᠠᠨ ᠪᠠᠶᠢᠳᠠᠯ ᠤᠨ ᠬᠠᠷᠢᠭᠤ | ᠲᠤᠰᠬᠠᠯ ᠢ ᠪᠡᠶᠡᠯᠡᠭᠦᠯᠪᠡ᠃ ᠬᠠᠷᠢᠭᠤ ᠲᠤᠰᠬᠠᠬᠤ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ | ᠵᠢᠶᠧ ᠨᠥᠬᠦᠷ ᠤᠨ ᠲᠣᠭᠤᠷᠢᠨ ᠪᠠᠶᠢᠴᠠᠭᠠᠬᠤ ᠶᠡᠷᠦᠩᠬᠡᠶᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ | ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠨᠠᠮ ᠤᠨ ᠲᠥᠪ ᠬᠤᠷᠢᠶᠠᠨ ᠤ ᠲᠣᠭᠤᠷᠢᠨ ᠪᠠᠶᠢᠴᠠᠭᠠᠬᠤ | ᠠᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠬᠢᠬᠦ ᠲᠤᠬᠠᠶ | ᠲᠣᠳᠣᠷᠬᠠᠶ ᠱᠠᠭᠠᠷᠳᠠᠯᠭ᠎ᠠ ᠳᠤᠷᠠᠳᠪᠠ᠃ ᠴᠠᠭᠳᠠᠨ ᠪᠠᠶᠢᠴᠠᠭᠠᠭᠳᠠᠵᠤ ᠪᠠᠶᠢᠭ᠎ᠠ ᠡᠯ᠎ᠡ ᠨᠠᠮ ᠤᠨ ᠵᠣᠬᠢᠶᠠᠨ | ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | ᠬᠠᠷᠢᠭᠤ ᠲᠤᠰᠬᠠᠯ ᠳᠤ᠂ ᠡᠯ᠎ᠡ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠵᠡᠷᠭᠡ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠠᠢ᠃ | ᠬᠠᠷᠢᠭᠤ ᠲᠤᠰᠬᠠᠯ ᠨᠢ ᠪᠠᠰᠠ ᠴᠠᠭᠳᠠᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠵᠢᠭᠠᠵᠤ ᠭᠠᠷᠭᠠᠪᠠ᠃ | ᠵᠠᠷᠢᠮ ᠨᠢ ᠶᠡᠷᠦᠩᠬᠡᠢ ᠱᠦᠵᠢ ᠰᠢ ᠶᠢᠨ ᠫᠢᠩ ᠤᠨ ᠲᠤᠰ ᠠᠵᠢᠯ ᠲᠦᠷᠦᠯ ᠲᠤᠰ ᠬᠦᠷᠢᠶᠡᠨ ᠤ ᠲᠤᠬᠠᠢ ᠴᠢᠬᠤᠯᠠ | ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠭᠦᠢᠴᠡᠳ ᠪᠠᠳᠠᠷᠠᠭᠤᠯᠪᠠ᠂ ᠡᠭᠦᠷᠭᠡ ᠬᠠᠷᠢᠭᠤᠴᠠᠯᠭ᠎ᠠ ᠪᠠᠨ ᠭᠦᠢᠴᠡᠳ | ᠪᠠᠳᠠᠷᠠᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠨ᠎ᠠ︔ ᠵᠠᠷᠢᠮ ᠨᠢ ᠬᠦᠨᠳᠦ ᠶᠡᠭᠡ ᠠᠶᠤᠯ ᠲᠦᠭᠰᠢᠭᠦᠷᠢ ᠣᠷᠣᠰᠢᠵᠤ | ᠪᠠᠶᠢᠭ᠎ᠠ ᠪᠠᠭᠤᠷᠠᠢ ᠭᠤᠭᠴᠤᠭ᠎ᠠ ᠶᠢ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠪᠠᠷ ᠬᠦᠷᠦᠯᠴᠡᠬᠦ ᠦᠭᠡᠢ ᠪᠠᠶᠢᠨ᠎ᠠ︔ ᠵᠠᠷᠢᠮ ᠨᠢ ᠨᠠᠮ ᠢ ᠬᠠᠮᠢᠶᠠᠷᠴᠤ ᠨᠠᠮ ᠢ ᠵᠠᠰᠠᠬᠤ ᠳᠠᠷᠤᠯᠲᠠ | ᠳᠠᠮᠵᠢᠭᠰᠠᠨ ᠢᠶᠠᠷ ᠬᠦᠷᠦᠯᠴᠡᠬᠦ ᠦᠭᠡᠢ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ | ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠠᠯ᠎ᠠ ᠪᠠᠷ ᠬᠦᠴᠦᠨ ᠦᠭᠡᠢ ᠪᠠᠶᠢᠨ᠎ᠠ︔ ᠵᠠᠷᠢᠮ ᠨᠢ ᠠᠷᠠᠳ | ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢ ᠠᠬᠢᠭᠤᠯᠬᠤ ᠳᠤ ᠮᠥᠨ ᠬᠦ ᠵᠥᠷᠢᠶ᠎ᠡ ᠲᠠᠢ ᠪᠠᠶᠢᠨ᠎ᠠ︔ ᠵᠠᠷᠢᠮ ᠤᠳᠤᠷᠢᠳᠬᠤ | ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠪᠠᠰᠠ ᠳᠤᠲᠠᠭᠤᠳᠠᠯ ᠣᠷᠣᠰᠢᠵᠤ ᠪᠠᠶᠢᠨ᠎ᠠ︔ ᠵᠠᠷᠢᠮ | ᠴᠡᠭᠴᠡᠯᠡᠨ ᠰᠠᠶᠢᠵᠢᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠣᠳᠠᠲᠠᠢ ᠭᠦᠢᠴᠡᠳᠬᠡᠭᠰᠡᠨ ᠦᠭᠡᠢ᠂ ᠣᠨᠴᠠ | ᠵᠠᠷᠢᠮ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠨ᠎ᠠ᠃ | ᠬᠠᠷᠢᠭᠤ ᠲᠤᠰᠬᠠᠬᠤ ᠳᠠᠭᠠᠨ᠂ ᠡᠯ᠎ᠡ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠤᠶᠠᠷ | ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ︽ᠵᠢᠷᠭᠤᠭᠠᠨ ᠠᠵᠢᠯᠯᠠᠭ᠎ᠠ︾ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ︽ᠠᠷᠪᠠᠨ ᠵᠤᠶᠢᠯ ᠤᠨ | ᠭᠤᠤᠯᠳᠠᠯᠭ᠎ᠠ ᠲᠠᠢ ᠠᠵᠢᠯ︾ ᠤᠨ ᠱᠠᠭᠠᠷᠳᠠᠯᠭ᠎ᠠ ᠶᠢᠨ ᠲᠣᠭᠤᠷᠢᠨ ᠳᠤ᠂ ᠬᠠᠶᠢᠷᠤᠪ ᠤᠨ ᠲᠣᠬᠤᠶ ᠲᠣᠭᠤᠷᠢᠭ ᠤᠨ | ᠠᠵᠤ ᠠᠬᠤᠶ ᠨᠡᠶᠢᠭᠡᠮ ᠤᠨ ᠰᠢᠨᠵᠢᠯᠡᠬᠦ ᠤᠬᠠᠭᠠᠨᠴᠢ ᠬᠥᠭᠵᠢᠯᠲᠡ᠂ ᠪᠣᠬᠢᠷᠲᠤᠯ ᠥᠬᠡᠶ ᠬᠡᠯᠪᠡᠷᠢ ᠶᠢᠨ | ᠬᠤᠪᠢᠷᠠᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠶᠣᠰᠣ ᠲᠦᠷᠢᠮ ᠤᠨ ᠤᠬᠠᠮᠰᠠᠷ ᠢᠶᠠᠨ | ᠴᠢᠩᠭᠠᠳᠬᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ | ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠭᠦᠢᠴᠡᠳᠬᠡᠬᠦ ᠬᠡᠷᠡᠭᠲᠡᠢ᠃ ᠡᠷᠬᠡ ᠶᠢᠨ ᠠᠵᠢᠯᠯᠠᠭᠠᠨ ᠢ ᠬᠢᠨᠠᠵᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠡᠷᠬᠡ ᠶᠢᠨ ᠠᠵᠢᠯᠯᠠᠭᠠᠨ ᠳᠤ ᠬᠢᠨᠠᠯᠲᠠ | ᠲᠠᠯᠪᠢᠵᠤ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠴᠢᠬᠤᠯᠠ ᠭᠠᠷᠳᠠᠴᠠ ᠪᠣᠯᠭᠠᠵᠤ᠂ ᠦᠨᠡᠨᠬᠦ | ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠵᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ | ᠬᠡᠷᠡᠭᠲᠡᠢ ᠭᠡᠵᠤ ᠱᠠᠭᠠᠷᠳᠠᠪᠠ᠃ | ᠬᠠᠷᠢᠭᠤ ᠲᠤᠰᠬᠠᠬᠤ ᠳᠠᠭᠠᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠠ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠡᠳᠦᠷ ᠲᠤᠲᠤᠮ ᠤᠨ ᠬᠢᠨᠠᠯᠲᠠ ᠲᠠᠯᠪᠢᠬᠤ | ᠴᠢᠬᠤᠯᠠ ᠠᠭᠤᠯᠭ᠎ᠠ ᠳᠤ ᠣᠷᠣᠭᠤᠯᠵᠤ᠂ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠶᠢ ᠪᠣᠳᠠᠲᠠᠶ ᠪᠥᠭᠡᠳ | ᠨᠠᠷᠢᠯᠢᠭ ᠬᠢᠬᠦ ᠶᠢ ᠠᠬᠢᠭᠤᠯᠤᠨ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠥᠬᠡᠶ᠂ ᠬᠤᠳᠠᠯ ᠬᠠᠭᠤᠷᠮᠠᠭ ᠢᠶᠠᠷ | ᠴᠡᠭᠴᠡᠯᠡᠨ ᠰᠠᠶᠢᠵᠢᠷᠠᠭᠤᠯᠤᠭᠰᠠᠠ ᠪᠠᠶᠢᠳᠠᠯ ᠳᠤ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ | ᠬᠡᠷᠡᠭᠲᠡᠶ᠃ | |