ᠦᠬᠠᠢ ᠬᠤᠳᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠵᠥᠪᠯᠡᠬᠦ ᠵᠦᠢᠯ ᠢ 2025 | ᠣᠨ ᠤ 1 ᠰᠠᠷ᠎ᠠ ᠶᠢᠨ 4 ᠠᠴᠠ 5 ᠤ ᠡᠳᠦᠷ ᠪᠣᠯᠲᠠᠯ᠎ᠠ ᠬᠤᠷᠠᠯᠳᠤᠭᠤᠯᠬᠤ ᠪᠠᠷ ᠪᠤᠢ᠂ ᠬᠤᠷᠠᠯ ᠤᠨ ᠬᠤᠭᠤᠴᠠᠭ᠎ᠠ | ᠨᠢ 2 ᠡᠳᠦᠷ ᠪᠣᠯᠣᠨ᠎ᠠ᠃ 1 ᠰᠠᠷ᠎ᠠ ᠶᠢᠨ 3 ᠤ ᠦᠳᠡ ᠶᠢᠨ ᠬᠤᠶᠢᠨ᠎ᠠ ᠶᠡᠭᠡ ᠬᠤᠷᠠᠯ ᠤᠨ ᠪᠡᠯᠡᠳᠬᠡᠯ ᠬᠤᠷᠠᠯ ᠪᠠ | ᠬᠤᠶᠠᠷ ᠬᠤᠷᠠᠯ ᠤᠨ ᠨᠠᠮ ᠤᠨ ᠭᠡᠰᠢᠭᠦᠳ ᠤᠨ ᠶᠡᠭᠡ ᠬᠤᠷᠠᠯ ᠢ ᠬᠤᠷᠠᠯᠳᠤᠭᠤᠯᠤᠨ᠎ᠠ᠃ 1 ᠰᠠᠷ᠎ᠠ ᠶᠢᠨ 4 ᠤ | ᠡᠳᠦᠷ ᠤᠨ ᠦᠳᠡ ᠶᠢᠨ ᠡᠮᠦᠨ᠎ᠡ ᠶᠡᠭᠡ ᠬᠤᠷᠠᠯ ᠠᠩᠬᠠᠳᠤᠭᠠᠷ ᠤᠳᠠᠭᠠᠨ ᠤ ᠪᠦᠭᠦᠳᠡ ᠬᠤᠷᠠᠯ ᠬᠢᠨ᠎ᠡ ︵ᠬᠤᠷᠠᠯ | ᠡᠬᠢᠯᠡᠪᠡ︶ 1 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ ᠶᠡᠭᠡ ᠬᠤᠷᠠᠯ ᠰᠣᠩᠭᠤᠭᠤᠯᠢ᠂ ᠲᠡᠭᠦᠰᠬᠦ | ᠬᠤᠷᠠᠯ ᠬᠢᠨ᠎ᠡ᠃ ᠬᠤᠷᠠᠯ ᠤᠨ ᠪᠣᠳᠠᠲᠠᠢ ᠡᠳᠦᠷ ᠤᠨ ᠳᠠᠷᠠᠭᠠᠯᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠠᠩᠬᠠᠳᠤᠭᠠᠷ ᠬᠤᠷᠠᠯᠳᠤᠭᠠᠨ ᠠᠴᠠ ᠲᠣᠭᠲᠠᠭᠠᠨ᠎ᠠ᠃ | ᠦᠬᠠᠢ ᠬᠤᠳᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠵᠥᠪᠯᠡᠬᠦ ᠵᠦᠢᠯ ᠢ 2025 | ᠣᠨ ᠤ 1 ᠰᠠᠷ᠎ᠠ ᠶᠢᠨ 4 ᠠᠴᠠ 5 ᠤ ᠡᠳᠦᠷ ᠪᠣᠯᠲᠠᠯ᠎ᠠ ᠬᠤᠷᠠᠯᠳᠤᠭᠤᠯᠬᠤ ᠪᠠᠷ ᠪᠤᠢ᠂ ᠬᠤᠷᠠᠯ ᠤᠨ ᠬᠤᠭᠤᠴᠠᠭ᠎ᠠ | ᠨᠢ 2 ᠡᠳᠦᠷ ᠪᠣᠯᠣᠨ᠎ᠠ᠃ 1 ᠰᠠᠷ᠎ᠠ ᠶᠢᠨ 3 ᠤ ᠦᠳᠡ ᠶᠢᠨ ᠬᠤᠶᠢᠨ᠎ᠠ ᠶᠡᠭᠡ ᠬᠤᠷᠠᠯ ᠤᠨ ᠪᠡᠯᠡᠳᠬᠡᠯ ᠬᠤᠷᠠᠯ ᠪᠠ | ᠬᠤᠶᠠᠷ ᠬᠤᠷᠠᠯ ᠤᠨ ᠨᠠᠮ ᠤᠨ ᠭᠡᠰᠢᠭᠦᠳ ᠤᠨ ᠶᠡᠭᠡ ᠬᠤᠷᠠᠯ ᠢ ᠬᠤᠷᠠᠯᠳᠤᠭᠤᠯᠤᠨ᠎ᠠ 1 ᠰᠠᠷ᠎ᠠ ᠶᠢᠨ 4 ᠤ ᠡᠳᠦᠷ ᠤᠨ | ᠦᠳᠡ ᠶᠢᠨ ᠡᠮᠦᠨ᠎ᠡ ᠶᠡᠭᠡ ᠬᠤᠷᠠᠯ ᠠᠩᠬᠠᠳᠤᠭᠠᠷ ᠤᠳᠠᠭᠠᠨ ᠤ ᠪᠦᠭᠦᠳᠡ ᠬᠤᠷᠠᠯ ᠬᠢᠨ᠎ᠡ ︵ᠬᠤᠷᠠᠯ ᠡᠬᠢᠯᠡᠪᠡ︶ | 1 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ ᠶᠡᠭᠡ ᠬᠤᠷᠠᠯ ᠰᠣᠩᠭᠤᠭᠤᠯᠢ ᠶᠠᠪᠤᠭᠤᠯᠵᠤ᠂ ᠬᠤᠷᠠᠯ | ᠲᠡᠭᠦᠰᠪᠡ᠃ ᠬᠤᠷᠠᠯᠳᠤᠭᠠᠨ ᠤ ᠪᠣᠳᠠᠲᠠᠢ ᠡᠳᠦᠷ ᠤᠨ ᠳᠠᠷᠠᠭᠠᠯᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠠᠩᠬᠠᠳᠤᠭᠠᠷ ᠬᠤᠷᠠᠯᠳᠤᠭᠠᠨ ᠠᠴᠠ ᠲᠣᠭᠲᠠᠭᠠᠨ᠎ᠠ᠃ | ᠲᠤᠰ ᠤᠳᠠᠭᠠᠨ ᠤ ᠬᠤᠷᠠᠯ ᠤᠨ ᠵᠥᠪᠯᠡᠬᠦ ᠵᠦᠢᠯ 10 ᠪᠤᠢ᠄ | ᠨᠢᠭᠡ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠢ ᠰᠣᠨᠣᠰᠴᠤ ᠬᠢᠨᠠᠨ ᠵᠦᠪᠯᠡᠨ᠎ᠡ᠃ | ᠬᠤᠶᠠᠷ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ 2024 ᠣᠨ ᠤ ᠤᠯᠤᠰ ᠠᠷᠠᠳ ᠤᠨ | ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 | ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ︶ ᠶᠢᠨ | ᠮᠡᠳᠡᠭᠦᠯᠦᠯᠲᠡ ᠶᠢ ᠬᠢᠨᠠᠨ ᠪᠠᠶᠢᠴᠠᠭᠠᠵᠤ ᠵᠥᠪᠰᠢᠶᠡᠷᠡᠨ᠎ᠡ᠂ ᠦᠬᠠᠢ ᠬᠤᠳᠠ ᠶᠢᠨ ᠬᠠᠶᠢᠷᠤᠪ ᠤᠨ ᠲᠤᠬᠤᠢ | ᠲᠣᠭᠤᠷᠢᠭ ᠤᠨ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢ ᠵᠥᠪᠰᠢᠶᠡᠷᠡᠨ᠎ᠡ ︔ | ᠭᠤᠷᠪᠠ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ 2024 ᠣᠨ ᠤ ᠡᠳ᠋ ᠤᠨ | ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠬᠢᠭᠡᠳ 2025 ᠣᠨ ᠤ ᠡᠳ᠋ ᠤᠨ ᠵᠠᠰᠠᠭ ᠤᠨ ᠲᠥᠰᠦᠪ ︵ | ᠲᠥᠰᠦᠯ︶ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠵᠤ ᠵᠥᠪᠰᠢᠶᠡᠷᠡᠨ᠎ᠡ᠃ | ᠲᠦᠷᠪᠡ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠨ᠎ᠡ᠃ | ᠲᠠᠪᠤ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ | ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠨ᠎ᠡ᠃ | ᠵᠢᠷᠭᠤᠭ᠎ᠠ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠪᠠᠶᠢᠴᠠᠭᠠᠬᠤ | ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠨ᠎ᠡ᠃ | ᠲᠤᠯᠤᠭ᠎ᠠ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ | ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠨ᠎ᠡ᠃ | ᠨᠠᠢᠮᠠ᠂ ᠪᠢᠯᠧᠲ ᠥᠭᠴᠦ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ | ᠪᠠᠳᠤᠯᠠᠨ᠎ᠠ᠃ | ᠶᠢᠰᠦ᠂ ᠰᠣᠩᠭᠤᠭᠤᠯᠢ | ᠠᠷᠪᠠ᠂ ᠪᠤᠰᠤᠳ ᠵᠦᠢᠯ ᠤᠳ᠃ | ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠤᠷᠠᠯ 1 ᠰᠠᠷ᠎ᠠ ᠶᠢᠨ 3 ᠠᠴᠠ 4 ᠤ ᠡᠳᠦᠷ | ᠪᠣᠯᠲᠠᠯ᠎ᠠ ᠬᠤᠷᠠᠯᠳᠤᠵᠤ᠂ ᠬᠤᠷᠠᠯ ᠤᠨ ᠬᠤᠭᠤᠴᠠᠭ᠎ᠠ ᠨᠢ 2 ᠡᠳᠦᠷ ᠪᠣᠯᠤᠨ᠎ᠠ᠃ ᠬᠤᠷᠠᠯ ᠤᠨ ᠬᠤᠭᠤᠴᠠᠭᠠᠨ ᠳᠤ | ᠶᠡᠭᠡ ᠬᠤᠷᠠᠯ ᠢ 2 ᠤᠳᠠᠭ᠎ᠠ ︵ᠡᠬᠢᠯᠡᠯᠲᠡ ᠶᠢᠨ ᠶᠡᠭᠡ ᠬᠤᠷᠠᠯ᠂ ᠲᠡᠭᠦᠰᠬᠦ ᠶᠡᠭᠡ ᠬᠤᠷᠠᠯ︶᠂ ᠤᠯᠤᠰ ᠲᠥᠷᠥ ᠶᠢᠨ | ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢ 2 ᠤᠳᠠᠭ᠎ᠠ ᠬᠤᠷᠠᠯᠳᠤᠭᠤᠯᠵᠤ᠂ ᠳᠤᠭᠤᠶᠢᠯᠠᠩ ᠬᠤᠪᠢᠶᠠᠨ ᠶᠠᠷᠢᠯᠴᠠᠬᠤ | ᠬᠤᠷᠠᠯ ᠢ 3 ᠤᠳᠠᠭ᠎ᠠ ᠬᠤᠷᠠᠯᠳᠤᠭᠤᠯᠪᠠ᠃ | ᠬᠤᠷᠠᠯ ᠤᠨ ᠵᠥᠪᠯᠡᠬᠦ ᠵᠦᠢᠯ ᠨᠡᠶᠢᠲᠡ ᠲᠤᠯᠤᠭᠠᠨ ᠵᠦᠢᠯ ᠪᠤᠢ᠄ | ᠨᠢᠭᠡ᠂ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ | ᠶᠢᠰᠦᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ | ᠬᠢᠨᠠᠨ ᠵᠦᠪᠯᠡᠨ᠎ᠡ᠃ | ᠬᠤᠶᠠᠷ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠬᠤᠷᠢᠶᠠᠨ ᠤ | ᠪᠠᠶᠢᠩᠭᠤ ᠶᠢᠨ ᠬᠤᠷᠢᠶᠠᠨ ᠤ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ | ᠭᠤᠷᠪᠠᠳᠤᠭᠠᠷ ᠬᠤᠷᠠᠯᠳᠤᠭᠠᠨ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠶ | ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠨ᠎ᠡ᠃ | ᠭᠤᠷᠪᠠ᠂ ᠭᠡᠰᠢᠭᠦᠳ ᠤᠨ ᠶᠡᠭᠡ ᠬᠤᠷᠠᠯ ᠳᠡᠭᠡᠷ᠎ᠡ ᠦᠭᠡ ᠬᠡᠯᠡᠨ᠎ᠡ᠃ | ᠲᠦᠷᠪᠡ᠂ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ | ᠶᠢᠰᠦᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯ ᠠᠴᠠ ᠨᠠᠭᠠᠰᠢᠬᠢ ᠰᠢᠯᠢᠳᠡᠭ ᠰᠠᠨᠠᠯ ᠳᠤᠷᠠᠳᠤᠯᠭ᠎ᠠ ᠪᠣᠯᠤᠨ | 2024 ᠣᠨ ᠤ ᠰᠢᠯᠢᠳᠡᠭ ᠭᠡᠰᠢᠭᠦᠨ ᠢ ᠬᠥᠬᠢᠭᠦᠯᠦᠨ ᠰᠠᠶᠢᠰᠢᠶᠠᠨ᠎ᠠ᠃ | ᠲᠠᠪᠤ᠂ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠥᠷᠪᠡᠳᠦᠭᠡᠷ ᠬᠤᠷᠠᠯᠳᠤᠭᠠᠨ ᠳᠤ ᠰᠤᠯᠠ ᠣᠷᠣᠯᠴᠠᠵᠤ᠂ ︽ᠵᠠᠰᠠᠭ ᠤᠨ ᠣᠷᠳᠣᠨ ᠤ ᠠᠵᠢᠯ ᠤᠨ | ᠢᠯᠡᠳᠬᠡᠯ︾ ᠵᠢᠴᠢ ᠪᠤᠰᠤᠳ ᠬᠤᠯᠪᠣᠭᠳᠠᠯ ᠪᠦᠬᠦᠢ ᠮᠡᠳᠡᠭᠦᠯᠦᠯᠲᠡ ᠶᠢ ᠰᠣᠨᠣᠰᠴᠤ ᠶᠠᠷᠢᠯᠴᠠᠨ᠎ᠠ᠃ | ᠵᠢᠷᠭᠤᠭ᠎ᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ | ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠶ ᠤᠯᠤᠰ ᠲᠥᠷᠥ ᠶᠢᠨ | ᠵᠥᠪᠯᠡᠯᠭᠡᠨ ᠤ ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ | ᠬᠤᠷᠢᠶᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠺᠣᠮᠢᠰ ᠤᠨ ᠮᠡᠳᠡᠭᠦᠯᠦᠯᠲᠡ ᠶᠢ ᠬᠢᠨᠠᠨ ᠵᠥᠪᠯᠡᠵᠦ | ᠪᠠᠳᠤᠯᠠᠨ᠎ᠠ᠃ | ᠲᠤᠯᠤᠭ᠎ᠠ᠂ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ | ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯ ᠤᠨ ᠡᠯ᠎ᠡ ᠵᠦᠢᠯ ᠤᠨ ᠰᠢᠢᠳᠪᠦᠷᠢ ᠶᠢ ᠬᠢᠨᠠᠨ | ᠵᠥᠪᠯᠡᠵᠦ ᠪᠠᠳᠤᠯᠠᠨ᠎ᠠ᠃ | |