ᠬᠠᠶᠢᠷᠤᠪ ᠤᠨ ᠲᠤᠬᠤᠢ ᠲᠣᠭᠤᠷᠢᠭ ᠤᠰᠤᠨ ᠠᠰᠢᠭᠯᠠᠯᠲᠠ ᠶᠢᠨ ᠵᠠᠰᠠᠭ ᠮᠥᠩᠭᠦᠨ ᠭᠦᠢᠯᠭᠡᠭᠡ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠵᠣᠯᠭᠠᠭᠤᠯᠬᠤ ᠬᠤᠷᠠᠯ ᠵᠢᠴᠢ ︽ᠤᠰᠤᠨ ᠤ ᠡᠷᠬᠡ ᠶᠢᠨ ᠵᠢᠭᠡᠯᠡᠯᠭᠡ︾ ᠶᠢᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/1/24
    1 ᠰᠠᠷ᠎ᠠ ᠶᠢᠨ 23 ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠤᠰᠤᠨ ᠠᠰᠢᠭᠯᠠᠯᠲᠠ ᠶᠢᠨ ᠵᠠᠰᠠᠭ ᠮᠥᠩᠭᠦᠨ ᠭᠦᠢᠯᠭᠡᠭᠡ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠵᠣᠯᠭᠠᠭᠤᠯᠬᠤ ᠬᠤᠷᠠᠯ ᠵᠢᠴᠢ ︽ᠤᠰᠤᠨ ᠤ ᠡᠷᠬᠡ ᠶᠢᠨ ᠵᠢᠭᠡᠯᠡᠯᠭᠡ︾ ᠶᠢᠨ ᠭᠡᠷ᠎ᠡ ᠲᠣᠭᠲᠠᠬᠤ ᠶᠣᠰᠣᠯᠠᠯ ᠤᠷᠤᠭᠰᠢᠲᠠᠶ ᠶᠠᠪᠤᠭᠳᠠᠪᠠ᠃ ᠬᠤᠳᠠ᠂ ᠲᠣᠭᠤᠷᠢᠭ ᠬᠤᠶᠠᠷ ᠱᠠᠲᠤᠨ ᠤ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠬᠠᠶᠢᠷᠤᠪ ᠤᠨ ᠲᠤᠬᠤᠢ ᠲᠣᠭᠤᠷᠢᠭ ᠤᠨ ᠤᠯᠠᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠪᠣᠯᠤᠨ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠩᠬᠢ ᠶᠢᠨ ᠪᠠᠶᠢᠭᠤᠯᠤᠮᠵᠢ ᠲᠤᠰ ᠤᠳᠠᠭ᠎ᠠ ᠶᠢᠨ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃
640.jpg
       ᠬᠤᠷᠠᠯ ᠳᠡᠭᠡᠷ᠎ᠡ᠂ ᠡᠯ᠎ᠡ ᠠᠵᠤ ᠠᠬᠤᠶᠢᠯᠠᠯ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠪᠣᠯᠤᠨ ᠪᠡᠯᠡ ᠲᠣᠬᠢᠷᠠᠭᠤᠯᠭ᠎ᠠ ᠶᠢᠨ ᠲᠥᠷᠥᠯ ᠵᠦᠢᠯ ᠤᠨ ᠪᠠᠶᠢᠳᠠᠯ ᠤᠨ ᠲᠣᠭᠤᠷᠢᠨ ᠳᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠰᠠᠨᠠᠯ ᠢᠶᠠᠨ ᠭᠦᠨᠵᠡᠭᠡᠶ ᠰᠣᠯᠢᠯᠴᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠨᠢᠭᠡᠳᠡᠢ ᠦᠵᠡᠬᠦ ᠪᠠᠷ᠂ ︽ᠤᠰᠤᠨ ᠤ ᠡᠷᠬᠡ ᠶᠢᠨ ᠵᠢᠭᠡᠯᠡᠯᠭᠡ︾ ᠨᠢ ︽ᠨᠦᠢᠷᠰᠣᠭᠰᠠᠨ︾ ᠤᠰᠤᠨ ᠤ ᠡᠬᠢ ᠪᠠᠶᠠᠯᠢᠭ ᠢ ᠮᠥᠩᠭᠦᠨ ᠭᠦᠢᠯᠭᠡᠭᠡᠨ ᠤ ︽ᠠᠮᠢᠳᠤ ᠤᠰᠤ︾ ᠪᠣᠯᠭᠠᠨ ᠬᠤᠪᠢᠷᠠᠭᠤᠯᠵᠤ᠂ ︽ᠤᠰᠤᠨ ᠤ ᠡᠷᠬᠡ︾ ᠶᠢ ᠲᠠᠸᠠᠷ ᠤᠨ ᠰᠢᠨᠵᠢ ᠴᠢᠨᠠᠷ ᠠᠴᠠ ᠮᠥᠩᠭᠦᠨ ᠭᠦᠢᠯᠭᠡᠭᠡᠨ ᠤ ᠰᠢᠨᠵᠢ ᠴᠢᠨᠠᠷ ᠪᠣᠯᠭᠠᠨ ᠬᠤᠪᠢᠷᠠᠭᠤᠯᠵᠤ᠂ ᠮᠥᠩᠭᠦᠨ ᠭᠦᠢᠯᠭᠡᠭᠡᠨ ᠤ ᠡᠯᠧᠮᠧᠨ᠋ᠲ ᠤᠨ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠭᠠᠮᠨᠠᠨ ᠠᠰᠢᠭᠯᠠᠬᠤ ᠶᠢ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠪᠡᠯᠡ ᠮᠥᠩᠭᠦ ᠳᠤᠲᠠᠭᠳᠠᠵᠤ ᠪᠠᠶᠢᠭ᠎ᠠ ᠪᠠᠴᠢᠮ ᠪᠠᠶᠢᠳᠠᠯ ᠢ ᠰᠢᠢᠳᠪᠦᠷᠢᠯᠡᠵᠦ᠂ ᠪᠣᠬᠢᠷᠲᠤᠯ ᠦᠭᠡᠢ ᠬᠥᠭᠵᠢᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠤᠰᠤᠨ ᠤ ᠠᠮᠢ ᠠᠬᠤᠢ ᠶᠢᠨ ᠪᠦᠲᠦᠭᠡᠭᠳᠡᠬᠦᠨ ᠤ ᠦᠷᠳᠡᠭ ᠢ ᠬᠡᠮᠵᠢᠶᠡᠯᠡᠵᠦ ᠪᠣᠯᠬᠤ᠂ ᠬᠤᠪᠢᠷᠠᠭᠤᠯᠵᠤ ᠪᠣᠯᠬᠤ ᠶᠢ ᠪᠡᠶᠡᠯᠡᠭᠦᠯᠪᠡ᠃    ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠣᠷᠳᠣᠰ ᠤᠨ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠦᠬᠠᠶ ᠶᠢᠨ ᠬᠤᠪᠢᠶᠠᠷᠢ ᠪᠠᠩᠬᠢ ᠪᠣᠯᠤᠨ ᠦᠬᠠᠶ ᠶᠢᠨ ᠵᠥᠩ ᠪᠦᠸᠧ ᠣᠨᠴᠠ ᠲᠥᠷᠥᠯ ᠤᠨ ᠰᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠭᠡᠷ᠎ᠡ ᠲᠣᠭᠲᠠᠵᠤ᠂ ᠦᠬᠠᠶ ᠶᠢᠨ ᠵᠥᠩ ᠪᠦᠸᠧ ᠣᠨᠴᠠ ᠲᠥᠷᠥᠯ ᠤᠨ ᠰᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ 2000 ᠲᠦᠮᠡᠨ ᠲᠥᠭᠦᠷᠢᠭ ᠤᠨ ᠬᠠᠲᠤᠨ ᠭᠤᠤᠯ ᠤᠨ ᠤᠰᠤᠨ ᠤ ᠡᠷᠬᠡ ᠶᠢᠨ ᠵᠢᠭᠡᠯᠡᠯᠭᠡ ᠶᠢ ᠳᠠᠨᠵᠢᠯᠠᠬᠤ ᠪᠠᠷ ᠳᠡᠮᠵᠢᠨ᠂ ᠬᠠᠶᠢᠷᠤᠪ ᠤᠨ ᠲᠣᠬᠤᠶ ᠲᠣᠭᠤᠷᠢᠭ ᠤᠨ ᠠᠩᠬᠠᠳᠠᠭᠴᠢ ︽ᠤᠰᠤᠨ ᠤ ᠡᠷᠬᠡ ᠶᠢᠨ ᠵᠢᠭᠡᠯᠡᠯᠭᠡ︾ ᠶᠢ ᠠᠮᠵᠢᠯᠲᠠ ᠲᠠᠢ ᠪᠠᠷ ᠨᠠᠶᠢᠳᠠᠪᠤᠷᠢᠵᠢᠭᠤᠯᠤᠭᠰᠠᠨ ᠢ ᠬᠠᠷᠠᠭᠤᠯᠵᠤ᠂ ᠵᠠᠰᠠᠭ ᠮᠥᠩᠭᠦᠨ ᠭᠦᠢᠯᠭᠡᠭᠡ ᠠᠵᠤ ᠠᠬᠤᠶᠢᠯᠠᠯ ᠤᠨ ᠬᠠᠮᠲᠤᠷᠠᠯᠴᠠᠭᠠᠨ ᠤ ᠰᠢᠨ᠎ᠡ ᠵᠠᠭᠪᠤᠷ ᠢ ᠡᠬᠢᠯᠡᠭᠦᠯᠵᠦ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃    ᠬᠠᠶᠢᠷᠤᠪ ᠤᠨ ᠲᠤᠬᠤᠢ ᠲᠣᠭᠤᠷᠢᠭ ᠤᠨ ᠬᠢᠨ ᠦᠷᠭᠦᠯᠵᠢᠯᠡᠨ ᠤᠰᠤᠨ ᠤ ᠡᠷᠬᠡ ᠪᠠᠨ ᠪᠠᠷᠢᠴᠠᠭᠠᠯᠠᠵᠤ ᠵᠢᠭᠡᠯᠡᠯᠭᠡ ᠪᠠᠷ ᠭᠠᠷᠳᠠᠴᠠ ᠪᠣᠯᠭᠠᠵᠤ᠂ ᠤᠰᠤᠨ ᠤ ᠡᠬᠢ ᠪᠠᠶᠠᠯᠢᠭ ᠤᠨ ᠠᠵᠤ ᠠᠬᠤᠢ ᠶᠢᠨ ᠦᠷ᠎ᠡ ᠠᠰᠢᠭ ᠢ ᠦᠷᠭᠦᠯᠵᠢᠯᠡᠨ ᠠᠭᠤᠳᠠᠯᠵᠤ᠂ ᠤᠰᠤᠨ ᠤ ᠡᠬᠢ ᠪᠠᠶᠠᠯᠢᠭ ᠡᠳ᠋ ᠬᠦᠷᠦᠩᠭᠡ ᠶᠢ ᠠᠮᠢᠳᠤᠯᠢᠭ ᠪᠣᠯᠭᠠᠵᠤ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠳᠤ ᠠᠰᠢᠭ ᠬᠦᠷᠲᠡᠭᠡᠬᠦ ᠶᠢ ᠪᠡᠶᠡᠯᠡᠭᠦᠯᠵᠦ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠶᠢᠨ ᠵᠠᠭᠪᠤᠷ ᠢ ᠪᠦᠷᠢᠯᠳᠦᠭᠦᠯᠵᠦ᠂ ᠨᠡᠩ ᠤᠯᠠᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠳᠤ ︽ᠤᠰᠤᠨ ᠤ ᠡᠷᠬᠡ ᠶᠢᠨ ᠵᠢᠭᠡᠯᠡᠯᠭᠡ︾ ᠶᠢᠨ ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠦᠷᠲᠡᠭᠡᠵᠦ᠂ ᠠᠵᠤ ᠠᠬᠤᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号