ᠭᠦᠸᠧ ᠢ ᠵᠢᠶᠧ ᠴᠠᠭᠠᠨ ᠰᠠᠷ᠎ᠠ ᠠᠴᠠ ᠡᠮᠦᠨ᠎ᠡ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/25
    ᠴᠠᠭᠠᠨ ᠰᠠᠷ᠎ᠠ ᠪᠣᠯᠬᠤ ᠭᠡᠵᠦ ᠪᠠᠶᠢᠭ᠎ᠠ ᠲᠠᠰᠢᠷᠠᠮ ᠢᠶᠠᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠤᠷᠢᠳ ᠬᠤᠵᠢᠳ ᠬᠠᠷᠢᠶ᠎ᠠ ᠣᠷᠣᠨ ᠤ ᠬᠥᠳᠡᠯᠮᠦᠷᠢ ᠶᠢᠨ ᠵᠢᠱᠢᠶᠡᠴᠢ᠂ ᠬᠦᠴᠢᠷᠳᠡᠯᠲᠡᠢ ᠠᠬᠠᠮᠠᠳ ᠨᠠᠮ ᠤᠨ ᠭᠡᠰᠢᠭᠦᠨ᠂  ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠵᠢᠴᠢ ᠣᠨᠴᠠ ᠬᠦᠴᠢᠷᠳᠡᠯᠲᠡᠢ ᠬᠥᠮᠦᠰ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠪᠡ᠃ ᠲᠣᠭᠤᠷᠢᠭ ᠤᠨ ᠤᠳᠤᠷᠢᠳᠤᠯᠭ᠎ᠠ ᠪᠠᠢ ᡁᠢ ᠯᠦᠩ᠂ ᠭᠤᠤ ᠸᠧᠨ ᠵᠧᠩ᠂ ᠸᠠᠩ ᠱᠦ ᠶᠠᠨ ᠣᠷᠣᠯᠴᠠᠵᠠᠢ᠃
640.jpg   
    ᠬᠥᠳᠡᠯᠮᠦᠷᠢ ᠶᠢᠨ ᠵᠢᠱᠢᠶᠡᠴᠢ ᠶᠧ ᠵᠢᠢ ᠱᠧᠩ ᠤᠨ ᠭᠡᠷ ᠲᠤ᠂ ᠭᠦᠸᠧ ᠢ ᠵᠢᠶᠧ ᠲᠡᠭᠦᠨ ᠲᠠᠢ ᠭᠠᠶᠢᠬᠠᠮᠰᠢᠭᠲᠤ ᠤᠨ ᠰᠠᠷ᠎ᠠ ᠶᠢ ᠡᠷᠭᠢᠴᠡᠭᠦᠯᠵᠦ᠂ ᠲᠡᠭᠦᠨ ᠤ ᠲᠡᠮᠡᠴᠡᠯ ᠤᠨ ᠵᠣᠷᠢᠭ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠠᠵᠢᠯ ᠤᠨ ᠪᠠᠶᠢᠷᠢ ᠳᠤ ᠪᠠᠶᠢᠭ᠎ᠠ ᠬᠤᠭᠤᠴᠠᠭᠠᠨ ᠳᠠᠬᠢ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠣᠯᠤᠨ ᠭᠠᠷᠮᠠᠭᠠᠢ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠭᠦᠨ ᠤ ᠪᠡᠶ᠎ᠡ ᠪᠠᠨ ᠬᠢᠴᠢᠶᠡᠵᠦ᠂ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠵᠤ᠂ ᠲᠡᠮᠡᠴᠡᠯ ᠤᠨ ᠦᠯᠢᠭᠡᠷ ᠢᠶᠠᠨ ᠰᠠᠶᠢᠲᠤᠷ ᠶᠠᠷᠢᠵᠤ᠂ ᠲᠡᠮᠡᠴᠡᠯ ᠤᠨ ᠵᠣᠷᠢᠭ ᠰᠠᠨᠠᠭ᠎ᠠ ᠪᠠᠨ ᠤᠯᠠᠮᠵᠢᠯᠠᠬᠤ ᠶᠢ ᠬᠦᠰᠡᠪᠡ᠃    ᠶᠠᠳᠠᠭᠤ ᠬᠦᠴᠢᠷᠳᠡᠯᠲᠡᠢ ᠠᠬᠠᠮᠠᠳ ᠨᠠᠮ ᠤᠨ ᠭᠡᠰᠢᠭᠦᠨ ᠼᠦᠢ ᠮᠤᠤ ᠯᠢᠨ ᠤ ᠭᠡᠷ ᠲᠤ᠂ ᠭᠦᠸᠧ ᠢ ᠵᠢᠶᠧ ᠶᠠᠳᠠᠭᠤ ᠬᠦᠴᠢᠷᠳᠡᠯᠲᠡᠢ ᠠᠬᠠᠮᠠᠳ ᠨᠠᠮ ᠤᠨ ᠭᠡᠰᠢᠭᠦᠨ ᠤ ᠠᠮᠢᠳᠤᠷᠠᠯ ᠤᠨ ᠤᠢᠢᠷ᠎ᠠ ᠶᠢᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠳᠡᠨ ᠤ ᠤᠭ ᠰᠠᠨᠠᠭ᠎ᠠ ᠪᠠᠨ ᠦᠯᠦ ᠮᠠᠷᠲᠠᠵᠤ᠂ ᠡᠷᠡᠮᠡᠬᠡᠶᠢᠯᠡᠨ ᠤᠷᠤᠭᠰᠢᠯᠠᠬᠤ ᠵᠣᠷᠢᠭ ᠰᠠᠨᠠᠭ᠎ᠠ ᠶᠢ ᠭᠦᠢᠴᠡᠳ ᠨᠤᠲᠠᠯᠠᠵᠤ᠂ ᠠᠬᠠᠮᠠᠳ ᠨᠠᠮ ᠤᠨ ᠭᠡᠰᠢᠭᠦᠳ ᠢ ᠵᠢᠱᠢᠶᠡᠴᠢ ᠳᠠᠭᠤᠷᠢᠶᠠᠯ ᠤᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠰᠠᠶᠢᠲᠤᠷ ᠵᠣᠷᠢᠭ ᠰᠠᠨᠠᠭ᠎ᠠ᠂ ᠰᠠᠶᠢᠨ ᠰᠤᠷᠲᠠᠯ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠰᠠᠶᠢᠲᠤᠷ ᠤᠯᠠᠮᠵᠢᠯᠠᠬᠤ ᠬᠡᠷᠡᠭᠲᠡᠢ ᠭᠡᠵᠦ ᠵᠣᠷᠢᠭᠵᠢᠭᠤᠯᠪᠠ᠃   ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠱᠠᠩ ᠰᠦᠩ ᠪᠥᠸᠧ ᠶᠢᠨ ᠭᠡᠷ ᠲᠤ᠂ ᠭᠦᠸᠧ ᠢ ᠵᠢᠶᠧ ᠠᠬᠠᠮᠠᠳ ᠨᠥᠬᠦᠳ ᠤᠨ ᠠᠮᠢᠳᠤᠷᠠᠯ ᠤᠨ ᠵᠢᠵᠢᠭ ᠰᠠᠵᠢᠭ ᠵᠦᠢᠯ ᠢ ᠬᠠᠯᠠᠮᠵᠢᠯᠠᠨ ᠠᠰᠠᠭᠤᠭᠰᠠᠨ ᠪᠥᠭᠡᠳ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠤ ᠠᠬᠠᠮᠠᠳ ᠨᠥᠬᠦᠳ ᠤᠨ ︽ᠳᠣᠲᠣᠨᠣ ᠬᠥᠮᠦᠨ︾ ᠪᠤᠯᠵᠤ᠂ ᠦᠢᠯᠡᠴᠢᠯᠡᠭᠡ ᠪᠣᠯᠤᠨ ᠬᠡᠷᠡᠭᠴᠡᠭᠡ ᠱᠠᠭᠠᠷᠳᠠᠯᠭ᠎ᠠ ᠶᠢᠨ ︽ᠰᠡᠳᠬᠢᠯ ᠤᠨ ᠬᠥᠭᠦᠷᠭᠡ︾ ᠶᠢ ᠰᠠᠶᠢᠲᠤᠷ ᠪᠠᠶᠢᠭᠤᠯᠵᠤ᠂ ᠠᠬᠠᠮᠠᠳ ᠺᠠᠳ᠋ᠷᠴᠤᠳ ᠢ ᠬᠠᠶᠢᠷᠤᠪ ᠤᠨ ᠲᠤᠬᠤᠢ ᠲᠣᠭᠤᠷᠢᠭ ᠤᠨ ᠰᠢᠨᠵᠢᠯᠡᠬᠦ ᠤᠬᠠᠭᠠᠨᠴᠢ ᠬᠥᠭᠵᠢᠯᠲᠡ ᠳᠤ ᠰᠠᠶᠢᠨ ᠠᠷᠭ᠎ᠠ ᠤᠬᠠᠭᠠᠨ ᠭᠠᠷᠭᠠᠬᠤ ᠶᠢ ᠬᠦᠰᠡᠪᠡ᠃    ᠣᠨᠴᠠ ᠬᠦᠴᠢᠷᠳᠡᠯᠲᠡᠢ ᠬᠥᠮᠦᠰ ᠤᠨ ᠭᠡᠷ ᠲᠤ᠂ ᠭᠦᠸᠧ ᠢ ᠵᠢᠶᠧ ᠲᠡᠳᠡᠨ ᠲᠠᠢ ᠵᠣᠭᠤᠭ ᠳᠡᠯᠭᠡᠵᠦ᠂ ᠲᠡᠳᠡᠨ ᠤ ᠪᠡᠶ᠎ᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠢ ᠪᠡᠶ᠎ᠡ ᠪᠠᠨ ᠭᠠᠮᠨᠠᠭᠠᠷᠠᠢ ᠭᠡᠵᠦ ᠣᠨᠴᠠᠭᠠᠶᠢᠯᠠᠨ ᠵᠠᠬᠢᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号