ᠬᠠᠶᠢᠷᠤᠪ ᠤᠨ ᠲᠤᠬᠤᠢ ᠲᠣᠭᠤᠷᠢᠭ ᠴᠠᠭᠠᠨ ᠰᠠᠷ᠎ᠠ ᠠᠴᠠ ᠡᠮᠦᠨᠡᠬᠢ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/27
    ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠬᠠᠬᠢᠷ ᠬᠦᠢᠳᠡᠨ ᠠᠭᠤᠷ ᠠᠮᠢᠰᠬᠤᠯ ᠨᠠᠮ ᠪᠣᠯᠤᠨ ᠵᠠᠰᠠᠭ ᠤᠨ ᠣᠷᠳᠣᠨ ᠤ ᠳᠣᠲᠣᠨᠣ ᠬᠠᠯᠠᠮᠵᠢᠯᠠᠯ ᠢ ᠡᠪᠦᠷᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠠᠵᠤ ᠠᠬᠤᠶᠢᠯᠠᠯ᠂ ᠡᠮᠨᠡᠯᠭᠡ ᠶᠢᠨ ᠬᠤᠷᠢᠶ᠎ᠠ ᠪᠣᠯᠤᠨ ᠰᠠᠭᠤᠭ᠎ᠠ ᠴᠡᠷᠢᠭ ᠠᠩᠬᠢ ᠵᠡᠷᠭᠡ ᠭᠠᠵᠠᠷ ᠢᠶᠠᠷ ᠭᠦᠨᠵᠡᠭᠡᠶᠢᠷᠡᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠳᠠᠨ ᠠᠵᠢᠯᠴᠢᠨ᠂ ᠬᠦᠴᠢᠷᠳᠡᠯᠲᠡᠢ ᠠᠬᠠᠮᠠᠳ ᠨᠠᠮ ᠤᠨ ᠭᠡᠰᠢᠭᠦᠨ ᠪᠣᠯᠤᠨ ᠡᠮᠦᠨ᠎ᠡ ᠹᠷᠣᠨᠲ ᠤᠨ ᠠᠵᠢᠯᠲᠠᠳ ᠢ ᠲᠣᠬᠤᠨᠢᠭᠤᠯᠵᠤ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠭᠰᠡᠨ ᠪᠥᠭᠡᠳ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃
640.png   
    ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ ᠨᠡᠷ ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠡᠮᠦᠨ᠎ᠡ ᠹᠷᠣᠨᠲ ᠤᠨ ᠠᠵᠢᠯᠳᠠᠨ ᠠᠵᠢᠯᠴᠢᠨ᠂ ᠠᠵᠤ ᠠᠬᠤᠶᠢᠯᠠᠯ ᠢ ᠲᠣᠬᠤᠨᠢᠭᠤᠯᠵᠤ᠂ ᠥᠩᠭᠡᠷᠡᠭᠰᠡᠨ ᠨᠢᠭᠡ ᠵᠢᠯ ᠳᠤ ᠬᠠᠤᠯᠢ ᠬᠡᠷᠡᠭᠵᠢᠭᠦᠯᠬᠦ ᠠᠵᠢᠯᠳᠠᠨ᠂ ᠡᠮᠨᠡᠯᠭᠡ ᠶᠢᠨ ᠠᠵᠢᠯᠳᠠᠨ ᠪᠣᠯᠤᠨ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠬᠦ᠂ ᠬᠠᠷᠠᠮ ᠦᠭᠡᠢ ᠵᠣᠷᠢᠭᠤᠯᠬᠤ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠲᠡᠳᠡᠨ ᠤ ᠰᠢᠨ᠎ᠡ ᠨᠢᠭᠡ ᠵᠢᠯ ᠳᠤ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠡᠶ᠎ᠡ ᠵᠣᠬᠢᠴᠠᠩᠭᠤᠢ ᠲᠣᠭᠲᠠᠭᠤᠨ ᠪᠠ ᠠᠷᠠᠳ ᠤᠯᠠᠨ ᠤ ᠵᠣᠯ ᠵᠢᠷᠭᠠᠯ ᠠᠮᠤᠷ ᠠᠮᠤᠭᠤᠯᠠᠩ ᠢ ᠬᠠᠮᠠᠭᠠᠯᠠᠬᠤ ᠶᠢ ᠬᠦᠰᠡᠪᠡ᠃ ᠡᠭᠦᠨ ᠤ ᠬᠠᠮᠲᠤ᠂ ᠡᠯ᠎ᠡ ᠠᠵᠤ ᠠᠬᠤᠶᠢᠯᠠᠯ ᠤᠨ ᠬᠢᠨ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠰᠢᠨ᠎ᠡ ᠨᠢᠭᠡ ᠵᠢᠯ ᠤᠨ ᠬᠥᠭᠵᠢᠯᠲᠡ ᠶᠢᠨ ᠵᠢᠷᠤᠭ ᠲᠥᠰᠦᠪ ᠢ ᠨᠠᠷᠢᠨ ᠨᠢᠮᠪᠠᠢ ᠲᠥᠯᠥᠪᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠭᠤᠣᠯᠯᠠᠭᠴᠢ ᠦᠷᠢᠰᠦᠯᠳᠦᠬᠦ ᠬᠦᠴᠦᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ᠪᠦᠬᠦ ᠬᠦᠴᠦᠨ ᠢᠶᠠᠷ ᠢᠶᠠᠨ ᠰᠢᠨ᠎ᠡ ᠵᠢᠯ ᠤᠨ ᠰᠠᠶᠢᠨ ᠡᠬᠢᠯᠡᠯᠲᠡ ᠲᠠᠢ ᠪᠣᠯᠬᠤ ᠪᠠᠷ ᠴᠢᠷᠮᠠᠶᠢᠵᠤ᠂ ᠪᠦᠬᠦ ᠵᠢᠯ ᠤᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
640 (1).jpg   
    ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠼᠤᠤ ᠬᠤᠢ ᠰᠢᠶᠠᠨ ᠨᠠᠷ ᠬᠦᠴᠢᠷᠳᠡᠯᠲᠡᠢ ᠤᠯᠠᠨ ᠲᠦᠮᠡᠨ ᠤ ᠭᠡᠷ ᠲᠤ ᠭᠦᠨᠵᠡᠭᠡᠶᠢᠷᠡᠨ ᠡᠷᠬᠢᠨ ᠦᠵᠡᠵᠦ ᠲᠣᠬᠤᠨᠢᠭᠤᠯᠤᠭᠰᠠᠨ ᠪᠥᠭᠡᠳ ᠲᠣᠬᠤᠨᠢᠭᠤᠯᠬᠤ ᠮᠥᠩᠭᠦ ᠵᠢᠴᠢ ᠴᠠᠭᠠᠨ ᠰᠠᠷ᠎ᠠ ᠶᠢᠨ ᠪᠠᠶᠠᠷ ᠲᠤ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠰᠤᠷᠪᠤᠯᠵᠢᠯᠠᠬᠤ ᠶᠠᠪᠤᠴᠠ ᠳᠤ᠂ ᠬᠡᠰᠡᠭ ᠬᠥᠮᠦᠰ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠪᠠᠶᠢᠳᠠᠯ᠂ ᠪᠡᠶ᠎ᠡ ᠮᠠᠬᠠᠪᠣᠳ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠠᠵᠢᠯ ᠣᠯᠭᠤᠯᠲᠠ᠂ ᠡᠮᠴᠢᠯᠡᠭᠡ ᠵᠡᠷᠭᠡ ᠲᠠᠯ᠎ᠠ ᠶᠢᠨ ᠪᠣᠳᠠᠲᠠᠶ ᠬᠦᠴᠢᠷᠳᠡᠯ ᠢ ᠨᠠᠷᠢᠨ ᠠᠰᠠᠭᠤᠨ ᠯᠠᠪᠯᠠᠵᠤ᠂ ᠲᠡᠳᠡᠨ ᠢ ᠪᠠᠶᠠᠰᠤᠩᠭᠤᠶ ᠰᠡᠳᠬᠢᠯᠭᠡ ᠲᠠᠢ ᠪᠠᠶᠢᠵᠤ᠂ ᠠᠮᠢᠳᠤᠷᠠᠯ ᠤᠨ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠳᠣᠤᠷ᠎ᠠ᠂ ᠨᠢᠳᠦᠨ ᠡᠮᠦᠨᠡᠬᠢ ᠬᠦᠴᠢᠷ ᠪᠡᠷᠬᠡᠰᠢᠶᠡᠯ ᠢ ᠴᠢᠷᠮᠠᠶᠢᠨ ᠢᠯᠠᠨ ᠳᠠᠪᠠᠵᠤ᠂ ᠨᠠᠩ ᠵᠣᠯ ᠵᠢᠷᠭᠠᠯᠲᠤ ᠠᠮᠢᠳᠤᠷᠠᠯ ᠢ ᠡᠳ᠋ᠯᠡᠭᠦᠯᠬᠦ ᠶᠢ ᠵᠣᠷᠢᠭᠵᠢᠭᠤᠯᠪᠠ᠃ ᠡᠭᠦᠨ ᠤ ᠬᠠᠮᠲᠤ ᠬᠤᠯᠪᠣᠭᠳᠠᠯ ᠪᠦᠬᠦᠢ ᠨᠢᠭᠡᠴᠢ ᠳᠤ ᠶᠠᠳᠠᠭᠤ ᠬᠦᠴᠢᠷᠳᠡᠯᠲᠡᠢ ᠭᠡᠷ ᠪᠦᠯᠢ ᠶᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ ᠭᠡᠵᠦ ᠵᠠᠬᠢᠪᠠ᠃
640 (2).jpg
       ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠤᠤ ᠳ᠋ᠧᠩ ᠴᠧᠩ ᠨᠠᠷ ᠤᠷᠢᠳ ᠬᠤᠵᠢᠳ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ᠂ ᠦᠬᠠᠢ ᠬᠤᠳᠠ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠡᠷᠦᠬᠡ ᠶᠢᠨ ᠴᠡᠷᠢᠭ ᠤᠨ ᠲᠣᠨᠣᠭᠯᠠᠯ ᠤᠨ ᠬᠥᠮᠥᠷᠭᠡ᠂ ᠦᠬᠠᠢ ᠬᠤᠳᠠ ᠶᠢᠨ ᠵᠡᠪᠰᠡᠭᠲᠦ ᠴᠠᠭᠳᠠᠭ᠎ᠠ ᠶᠢᠨ ᠰᠠᠯᠪᠤᠷᠢ ᠠᠩᠬᠢ ᠶᠢᠨ ᠪᠡᠯᠡᠳᠬᠡᠯ ᠶᠡᠭᠡ ᠠᠩᠬᠢ ᠵᠡᠷᠭᠡ ᠲᠣᠭᠤᠷᠢᠭ ᠲᠤ ᠰᠠᠭᠤᠭ᠎ᠠ 16 ᠴᠡᠷᠢᠭ ᠠᠩᠬᠢ ᠳᠤ ᠬᠦᠷᠴᠦ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠭᠰᠡᠨ ᠪᠥᠭᠡᠳ ᠲᠡᠳᠡᠨ ᠳᠤ ᠪᠠᠶᠠᠷ ᠤᠨ ᠡᠳᠦᠷ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠵᠡᠢ᠃ ᠬᠦᠷᠦᠭᠰᠡᠨ ᠭᠠᠵᠠᠷ ᠪᠣᠯᠭᠠᠨ ᠳᠤ ᠥᠷᠭᠡᠨ ᠤᠯᠠᠨ ᠳᠠᠷᠤᠭ᠎ᠠ ᠪᠠᠶᠢᠯᠳᠤᠭᠴᠢᠳ ᠤᠨ ᠠᠵᠢᠯ ᠠᠮᠢᠳᠤᠷᠠᠯ ᠢ ᠨᠠᠷᠢᠨ ᠣᠶᠢᠯᠠᠭᠠᠬᠤ ᠶᠢᠨ ᠬᠠᠮᠲᠤ ᠴᠠᠭᠠᠨ ᠰᠠᠷ᠎ᠠ ᠶᠢᠨ ᠵᠥᠩᠨᠡᠯ ᠪᠣᠯᠤᠨ ᠲᠣᠬᠤᠨᠢᠭᠤᠯᠬᠤ ᠡᠳ᠋ ᠪᠣᠳᠠᠰ ᠬᠦᠷᠭᠡᠵᠦ᠂ ᠲᠡᠳᠡᠨ ᠤ ᠲᠤᠰ ᠵᠢᠯ ᠳᠤ ᠠᠵᠤ ᠠᠬᠤᠢ ᠶᠢᠨ ᠬᠥᠭᠵᠢᠯᠲᠡ ᠪᠣᠯᠤᠨ ᠨᠡᠶᠢᠭᠡᠮ ᠤᠨ ᠲᠣᠭᠲᠠᠭᠤᠨ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ᠂ ᠮᠠᠨ ᠤ ᠲᠤᠭᠤᠷᠢᠭ ᠲᠤ ᠰᠠᠭᠤᠭ᠎ᠠ ᠥᠷᠭᠡᠨ ᠤᠯᠠᠨ ᠳᠠᠷᠤᠭ᠎ᠠ ᠪᠠᠶᠢᠯᠳᠤᠭᠴᠢᠳ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠷᠢᠮᠲᠠᠯᠠᠨ ᠪᠠᠳᠠᠷᠠᠭᠤᠯᠵᠤ᠂ ᠪᠣᠯᠪᠠᠰᠤᠷᠠᠯ ᠢᠶᠠᠨ ᠴᠢᠩᠭᠠᠳᠬᠠᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠪᠠᠨ ᠢᠮᠠᠭᠲᠠ ᠪᠠᠲᠤ ᠴᠡᠭᠡᠵᠢᠯᠡᠬᠦ ᠶᠢ ᠬᠦᠰᠡᠵᠦ ᠪᠠᠶᠢᠨ᠎ᠠ᠃
640 (3).jpg   
    ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ ᠲᠣᠮᠢᠯᠠᠭᠰᠠᠨ ᠰᠠᠯᠪᠤᠷᠢ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠶᠢᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠬᠢ ᠵᠡᠷᠭᠡ ᠰᠠᠯᠠᠭ᠎ᠠ ᠮᠥᠴᠢᠷ ᠤᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢ ᠪᠣᠯᠭᠤᠭᠠᠨ ᠲᠣᠬᠤᠨᠢᠭᠤᠯᠵᠤ᠂ ᠥᠩᠭᠡᠷᠡᠭᠰᠡᠨ ᠨᠢᠭᠡ ᠵᠢᠯ ᠤᠨ ᠳᠤᠮᠳᠠᠬᠢ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠣᠯᠤᠨ ᠲᠤᠰᠠᠯᠠᠬᠤ ᠴᠠᠭᠳᠠᠭ᠎ᠠ ᠶᠢᠨ ᠰᠢᠷᠭᠠᠭᠤ ᠴᠢᠷᠮᠠᠶᠢᠯᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠲᠡᠳᠡᠨ ᠤ ᠬᠠᠶᠢᠷᠤᠪ ᠤᠨ ᠲᠤᠬᠤᠢ ᠲᠣᠭᠤᠷᠢᠭ ᠤᠨ ᠨᠡᠶᠢᠭᠡᠮ ᠤᠯᠤᠰ ᠲᠦᠷᠦ ᠶᠢᠨ ᠲᠣᠭᠲᠠᠭᠤᠨ ᠢ ᠬᠠᠮᠠᠭᠠᠯᠠᠬᠤ᠂ ᠰᠠᠶᠢᠨ ᠰᠠᠶᠢᠬᠠᠨ ᠠᠮᠤᠷ ᠲᠦᠪᠰᠢᠨ ᠤ ᠡᠮᠬᠢ ᠳᠢᠭᠯᠢᠮ ᠢ ᠪᠠᠲᠤᠯᠠᠬᠤ ᠵᠢᠴᠢ ᠨᠡᠶᠢᠭᠡᠮ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠶᠢ ᠭᠦᠢᠴᠡᠳ ᠨᠤᠲᠠᠯᠠᠪᠠ᠃ ᠲᠣᠭᠤᠷᠢᠭ ᠤᠨ ᠤᠳᠤᠷᠢᠳᠤᠯᠭ᠎ᠠ ᠪᠠᠰᠠ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠳᠡᠯᠮᠦᠷᠢᠴᠢᠳ ᠢ ᠲᠣᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠲᠣᠬᠤᠨᠢᠭᠤᠯᠬᠤ ᠪᠣᠳᠠᠰ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃   ᠰᠢᠨ᠎ᠡ ᠨᠢᠭᠡ ᠵᠢᠯ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠢᠮᠠᠭᠲᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠵᠣᠷᠢᠯᠲᠠ ᠪᠠ ᠲᠤᠰᠤᠯᠳᠠ ᠪᠣᠯᠭᠠᠵᠤ᠂ ᠤᠯᠠᠨ ᠲᠦᠮᠡᠨ ᠤ ︽ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ︾ ᠪᠠᠶᠢᠭ᠎ᠠ ᠠᠰᠠᠭᠤᠳᠠᠯ ᠳᠤ ᠪᠦᠬᠦ ᠬᠦᠴᠦᠨ ᠢᠶᠠᠷ ᠢᠶᠠᠨ ᠠᠩᠬᠠᠷᠤᠯ ᠢᠶᠠᠨ ᠲᠥᠪᠯᠡᠷᠡᠭᠦᠯᠵᠦ᠂ ᠦᠷᠭᠦᠯᠵᠢᠯᠡᠨ ᠬᠦᠴᠦᠯᠡᠵᠦ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠥᠮᠦᠰ ᠤᠨ ᠰᠡᠳᠬᠢᠯ ᠢ ᠳᠤᠯᠠᠭᠠᠴᠠᠭᠤᠯᠤᠭᠰᠠᠨ ᠠᠷᠠᠳ ᠤᠨ ᠠᠮᠢᠳᠤᠷᠠᠯ ᠤᠨ ᠬᠠᠭᠤᠳᠠᠰᠤ ᠶᠢ ᠪᠢᠴᠢᠭᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠭᠦᠯᠦᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号