ᠬᠠᠶᠢᠷᠤᠪ ᠤᠨ ᠲᠤᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠠᠵᠢᠯ ᠲᠦᠷᠦᠯ ᠤᠨ ᠨᠠᠮ ᠤᠨ ᠬᠤᠷᠢᠶ᠎ᠠ ᠦᠨᠳᠦᠰᠦᠨ ᠱᠠᠲᠤᠨ ᠤ ᠨᠠᠮ ᠤᠨ ᠡᠭᠦᠷ ᠤᠨ ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠬᠢᠨᠠᠨ ᠰᠢᠯᠭᠠᠪᠠ
ᠨᠡᠶᠢᠲᠡᠯᠡᠭᠰᠡᠨ ᠴᠠᠭ᠄
2025/1/3
    ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠬᠤᠶᠠᠷ ᠰᠢᠨ᠎ᠡ︾᠎ ᠶᠢᠨ ᠵᠣᠬᠢᠶᠠᠨ ᠪᠠᠶᠢᠭᠤᠯᠤᠯᠲᠠ ᠶᠢᠨ ᠬᠦᠴᠦᠨ ᠢ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠳᠡᠭᠡᠷ᠎ᠡ ᠦᠨᠡᠨᠬᠦ ᠨᠢᠭᠲᠠᠷᠠᠭᠤᠯᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠠᠵᠢᠯ ᠲᠦᠷᠦᠯ ᠤᠨ ᠨᠠᠮ ᠤᠨ ᠬᠤᠷᠢᠶᠠᠨ ᠤ ᠦᠨᠳᠦᠰᠦᠨ ᠱᠠᠲᠤᠨ ᠤ ᠡᠯ᠎ᠡ ᠨᠠᠮ ᠤᠨ ᠡᠭᠦᠷ ᠤᠨ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠴᠢᠨᠠᠭᠰᠢᠳᠠ ᠠᠬᠢᠭᠤᠯᠬᠤ ᠬᠡᠷᠡᠭᠲᠡᠢ᠃ ᠤᠶᠢᠷ᠎ᠠ ᠶᠢᠨ ᠬᠤᠭᠤᠴᠠᠭᠠᠨ ᠳᠤ᠂ ᠬᠠᠶᠢᠷᠤᠪ ᠤᠨ ᠲᠣᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠤᠳᠠᠯᠳᠤᠭᠠᠨ ᠤ ᠶᠠᠪᠤᠳᠠᠯ ᠤᠨ ᠠᠵᠢᠯ ᠲᠥᠷᠥᠯ ᠤᠨ ᠨᠠᠮ ᠤᠨ ᠬᠤᠷᠢᠶᠠᠨ ᠤ ᠳᠡᠳ᠋ ᠱᠦᠵᠢ᠂ ᠨᠠᠮ ᠤᠨ ᠠᠵᠢᠯ ᠤᠨ ᠠᠵᠢᠯᠲᠠᠨ ᠢᠶᠠᠷ ᠪᠦᠷᠢᠯᠳᠦᠭᠰᠡᠨ ᠠᠵᠢᠯᠯᠠᠬᠤ ᠳᠤᠭᠤᠶᠢᠯᠠᠩ᠂ ᠬᠤᠳᠠᠯᠳᠤᠭᠠᠨ ᠤ ᠶᠠᠪᠤᠳᠠᠯ ᠤᠨ ᠠᠵᠢᠯ ᠲᠥᠷᠥᠯ ᠤᠨ ᠨᠠᠮ ᠤᠨ ᠬᠤᠷᠢᠶᠠᠨ ᠤ ᠨᠢᠭᠡᠳᠦᠭᠡᠷ ᠨᠠᠮ ᠤᠨ ᠡᠭᠦᠷ᠂ ᠬᠤᠸᠠ ᠯᠢ ᠵᠢᠶᠠᠨ ᠭᠦᠸᠧ ᠨᠠᠮ ᠤᠨ ᠡᠭᠦᠷ᠂ ᠪᠥᠸᠧ ᠯᠢᠨ ᠬᠠᠨ ᠨᠠᠮ ᠤᠨ ᠡᠭᠦᠷ᠂ ᠮᠡᠳᠡᠯᠭᠡ ᠪᠠᠷ ᠬᠡᠷᠡᠭᠵᠢᠭᠦᠯᠬᠦ ᠰᠣᠶᠣᠯ ᠤᠨ ᠨᠠᠮ ᠤᠨ ᠡᠭᠦᠷ ᠤᠨ 2024 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠬᠢᠨᠠᠨ ᠰᠢᠯᠭᠠᠵᠤ ᠵᠢᠭᠠᠨ ᠵᠢᠯᠣᠭᠤᠳᠪᠠ᠃    ᠬᠢᠨᠠᠨ ᠰᠢᠯᠭᠠᠬᠤ ᠳᠤᠮᠳᠠ᠂ ᠠᠵᠢᠯᠯᠠᠬᠤ ᠳᠤᠭᠤᠶᠢᠯᠠᠩ ︽2024 ᠣᠨ ᠤ ᠬᠠᠶᠢᠷᠤᠪ ᠤᠨ ᠲᠤᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠠᠵᠢᠯ ᠲᠦᠷᠦᠯ ᠤᠨ ᠨᠠᠮ ᠤᠨ ᠬᠤᠷᠢᠶᠠᠨ ᠤ ᠠᠵᠢᠯ ᠤᠨ ᠭᠤᠣᠯᠳᠠᠯᠭ᠎ᠠ︾᠂ ︽2024 ᠣᠨ ᠤ ᠬᠠᠶᠢᠷᠤᠪ ᠤᠨ ᠲᠤᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠠᠵᠢᠯ ᠲᠦᠷᠦᠯ ᠤᠨ ᠨᠠᠮ ᠤᠨ ᠬᠤᠷᠢᠶᠠᠨ ᠤ ᠬᠢᠨᠠᠨ ᠰᠢᠯᠭᠠᠬᠤ ᠨᠠᠷᠢᠨ ᠲᠦᠷᠢᠮ︾᠎ ᠤᠨ ᠱᠠᠭᠠᠷᠳᠠᠯᠭ᠎ᠠ ᠶᠢ ᠦᠨᠳᠦᠰᠦᠯᠡᠵᠦ᠂ ︽ᠮᠠᠲ᠋ᠧᠷᠢᠶᠠᠯ ᠢ ᠪᠠᠶᠢᠴᠠᠭᠠᠨ ᠦᠵᠡᠵᠦ ᠶᠠᠷᠢᠯᠴᠠᠨ ᠰᠣᠯᠢᠯᠴᠠᠬᠤ︾ ᠠᠷᠭ᠎ᠠ ᠬᠡᠯᠪᠡᠷᠢ ᠶᠢ ᠠᠪᠴᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠤᠰ ᠲᠦᠷᠦ ᠶᠢᠨ ᠤᠨᠤᠯ ᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠪᠠᠶᠢᠳᠠᠯ᠂ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠭᠤᠯᠤᠯ ᠤᠨ ᠬᠠᠮᠢᠶᠠᠷᠤᠯᠲᠠ᠂ ᠡᠳᠦᠷ ᠲᠤᠳᠤᠮ ᠤᠨ ᠬᠢᠨᠠᠨ ᠰᠢᠯᠭᠠᠯᠲᠠ᠂ ᠦᠵᠡᠯ ᠤᠬᠠᠮᠰᠠᠷ ᠤᠨ ᠬᠡᠯᠪᠡᠷᠢ ᠶᠢᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢᠨ ᠲᠣᠭᠤᠷᠢᠨ ᠳᠤ ᠨᠠᠷᠢᠨ ᠬᠢᠨᠠᠮᠠᠭᠠᠢ ᠬᠢᠨᠠᠨ ᠰᠢᠯᠭᠠᠬᠤ ᠵᠢᠯᠤᠭᠤᠳᠤᠯᠭ᠎ᠠ ᠥᠷᠨᠢᠭᠦᠯᠪᠡ᠃ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠠᠵᠢᠯᠯᠠᠬᠤ ᠳᠤᠭᠤᠶᠢᠯᠠᠩ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ᠂ ᠲᠣᠭᠲᠠᠭᠰᠠᠨ ᠴᠠᠭ ᠲᠠᠭᠠᠨ ᠠᠵᠢᠯᠯᠠᠭ᠎ᠠ ᠥᠷᠨᠢᠭᠦᠯᠬᠦ᠂ ᠰᠤᠷᠤᠯᠴᠠᠵᠤ ᠰᠤᠳᠤᠯᠤᠨ ᠶᠠᠷᠢᠯᠴᠠᠵᠤ ᠰᠣᠯᠢᠯᠴᠠᠬᠤ᠂ ᠭᠤᠷᠪᠠᠨ ᠬᠤᠷᠠᠯ ᠨᠢᠭᠡ ᠬᠢᠴᠢᠶᠡᠯ ᠤᠨ ᠲᠡᠮᠳᠡᠭᠯᠡᠯ᠂ ᠨᠠᠮ ᠤᠨ ᠭᠡᠰᠢᠭᠦᠨ ᠢ ᠢᠳᠡᠪᠬᠢᠲᠡᠶ ᠡᠯᠰᠡᠬᠦ ᠲᠠᠪᠤᠨ ᠲᠠᠯ᠎ᠠ ᠪᠠᠷ ᠰᠠᠨᠠᠯ ᠢᠶᠠᠨ ᠰᠣᠯᠢᠯᠴᠠᠵᠤ ᠵᠢᠭᠠᠨ ᠵᠢᠯᠣᠭᠤᠳᠪᠠ᠃ ᠡᠭᠦᠨ ᠤ ᠬᠠᠮᠲᠤ᠂ ᠰᠢᠯᠭᠠᠨ ᠬᠢᠨᠠᠬᠤ ᠨᠠᠷᠢᠨ ᠲᠦᠷᠢᠮ ᠤᠨ ᠶᠣᠰᠣᠭᠠᠷ ᠲᠤᠬᠠᠶ ᠶᠢᠨ ᠲᠠᠯᠠᠪᠤᠷ ᠲᠤ ᠬᠤᠪᠢ ᠥᠭᠴᠦ᠂ ᠡᠯ᠎ᠡ ᠨᠠᠮ ᠤᠨ ᠡᠭᠦᠷ ᠤᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠰᠢᠮᠳᠠᠭᠤᠯᠵᠤ ᠪᠠᠶᠢᠭᠠᠳ ᠨᠠᠩ ᠲᠡᠭᠦᠯᠳᠡᠷᠵᠢᠭᠦᠯᠦᠨ ᠵᠢᠷᠤᠮᠵᠢᠭᠤᠯᠪᠠ᠃    ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠠᠵᠢᠯ ᠲᠦᠷᠦᠯ ᠤᠨ ᠨᠠᠮ ᠤᠨ ᠬᠤᠷᠢᠶ᠎ᠠ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠲᠦᠮᠵᠢᠲᠡᠢ ᠠᠷᠭ᠎ᠠ ᠵᠠᠮ ᠢ ᠴᠢᠨᠠᠭᠰᠢᠳᠠ ᠰᠦᠪᠡᠭᠴᠢᠯᠡᠵᠦ᠂ ᠨᠠᠮ ᠤᠨ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠤᠷᠢᠶᠠᠯᠠᠬᠤ ᠬᠦᠴᠦᠨ᠂ ᠨᠢᠭᠲᠠᠷᠠᠯ ᠤᠨ ᠬᠦᠴᠦᠨ᠂ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠪᠣᠯᠤᠨ᠎ᠠ᠃ ᠡᠭᠦᠨ ᠤ ᠬᠠᠮᠲᠤ᠂ ︽ᠨᠠᠮ ᠤᠨ ᠪᠠᠶᠢᠭᠤᠯᠤᠯᠲᠠ ᠨᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠵᠤ ᠵᠢᠭᠠᠨ ᠵᠢᠯᠣᠭᠤᠳᠬᠤ︾ ᠠᠵᠢᠯ ᠤᠨ ᠵᠠᠭᠪᠤᠷ ᠢ ᠠᠪᠴᠤ᠂ ᠬᠤᠳᠠᠯᠳᠤᠭᠠᠨ ᠤ ᠶᠠᠪᠤᠳᠠᠯ ᠤᠨ ᠠᠵᠢᠯ ᠲᠥᠷᠥᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠢᠯ ᠲᠥᠷᠥᠯ ᠤᠨ ᠨᠠᠮ ᠤᠨ ᠬᠤᠷᠢᠶᠠᠨ ᠤ ᠴᠢᠳᠠᠮᠵᠢ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠬᠢᠭᠡᠳ ᠠᠵᠢᠯ ᠲᠥᠷᠥᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号