ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠬᠡᠦᠷᠰᠢᠭᠦᠯᠬᠦ ᠠᠵᠤ ᠠᠬᠤᠶᠢᠯᠠᠯ ᠤᠨ ᠬᠡᠳᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠲᠦᠷᠦᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/1/3
    ᠬᠡᠦᠷᠰᠢᠭᠦᠯᠬᠦ ᠠᠵᠤ ᠠᠬᠤᠶᠢᠯᠠᠯ ᠤᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠪᠦᠬᠦᠯᠢ ᠴᠣᠭᠴᠠ ᠶᠢᠨ ᠠᠬᠢᠴᠠ ᠶᠢ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 30᠎ ᠤ ᠡᠳᠦᠷ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠯᠦ ᠫᠢᠩ ᠤᠨ ᠳᠠᠭᠠᠭᠤᠯᠭ᠎ᠠ ᠳᠣᠣᠷ᠎ᠠ᠂ ᠤᠷᠢᠳ ᠬᠤᠵᠢᠳ ᠦᠬᠠᠢ ᠬᠤᠳᠠ ᠶᠢᠨ ᠭᠤᠸᠠᠩ ᠨᠠ ᠨᠡᠭᠦᠷᠡᠰᠦ ᠬᠡᠦᠷᠰᠢᠭᠦᠯᠬᠦ ᠬᠢᠵᠠᠭᠠᠷᠲᠤ ᠺᠣᠮᠫᠠᠨᠢ ᠪᠣᠯᠤᠨ ᠦᠬᠠᠢ ᠬᠤᠳᠠ ᠶᠢᠨ ᠰᠢᠨ ᠬᠤᠸᠠ ᠺᠠᠢ ᠶᠠᠨ ᠴᠧᠩ ᠨᠡᠭᠦᠷᠡᠰᠦ ᠬᠡᠦᠷᠰᠢᠭᠦᠯᠬᠦ ᠬᠢᠵᠠᠭᠠᠷᠲᠤ ᠺᠣᠮᠫᠠᠨᠢ ᠳᠤ ᠬᠦᠷᠴᠦ᠂ ᠬᠡᠳᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠡᠢ᠃
42030.png   
    ᠪᠠᠶᠢᠴᠠᠭᠠᠨ ᠰᠤᠳᠤᠯᠬᠤ ᠶᠠᠪᠤᠴᠠ ᠳᠤ᠂ ᠵᠠᠩ ᠯᠦ ᠫᠢᠩ ᠲᠣᠭᠤᠷᠢᠭ ᠤᠨ ᠳᠡᠳ᠋ ᠳᠠᠷᠤᠭ᠎ᠠ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠬᠡᠳᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠲᠦᠷᠦᠯ ᠵᠦᠢᠯ ᠢ ᠬᠡᠷᠡᠭᠵᠢᠭᠦᠯᠦᠭᠰᠡᠨ ᠠᠬᠢᠴᠠ ᠶᠢᠨ ᠲᠤᠬᠠᠢ ᠨᠠᠷᠢᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠥᠷᠢᠰᠥᠯᠳᠦᠭᠡᠨ ᠳᠤ ᠴᠢᠭᠯᠡᠭᠦᠯᠦᠨ᠂ ᠪᠣᠳᠠᠲᠠᠢ ᠵᠢᠯᠣᠭᠤᠳᠬᠤ ᠰᠠᠨᠠᠯ ᠪᠣᠯᠤᠨ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠵᠠᠩ ᠲᠣᠭᠤᠷᠢᠭ ᠤᠨ ᠳᠠᠷᠤᠭ᠎ᠠ ᠴᠢᠬᠤᠯᠠᠴᠢᠯᠠᠭᠰᠠᠨ ᠨᠢ᠂ ᠡᠯ᠎ᠡ ᠠᠵᠤ ᠠᠬᠤᠶᠢᠯᠠᠯ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠭᠤᠷᠠᠶ ᠬᠡᠤᠷᠡᠰᠦ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢᠨ ᠲᠥᠷᠥᠯ ᠵᠦᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃
42031.png   
    ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠲᠦᠮᠵᠢᠲᠡᠶ ᠠᠬᠢᠭᠤᠯᠤᠭᠰᠠᠨ ᠮᠥᠷᠲᠡᠭᠡᠨ ᠪᠠᠰᠠ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠪᠣᠬᠢᠷᠲᠤᠯ ᠥᠬᠡᠶ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号