1 ᠰᠠᠷ᠎ᠠ ᠶᠢᠨ 2 ᠤᠨ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠡᠶᠢᠭᠡᠮ ᠲᠣᠭᠤᠷᠢᠭ ᠤᠨ | ᠠᠵᠢᠯᠲᠠᠨ ᠤ ᠰᠤᠷᠭᠠᠨ ᠬᠥᠮᠦᠵᠢᠯ ᠤᠨ ᠪᠣᠯᠪᠠᠰᠤᠷᠠᠯ ᠤᠨ ᠰᠠᠭᠤᠷᠢᠨ ᠭᠠᠵᠠᠷ ᠤᠨ ᠫᠠᠶᠢᠰᠠ ᠰᠡᠬᠦᠬᠦ ᠶᠣᠰᠣᠯᠠᠯ ᠦᠬᠠᠶ | ᠬᠤᠲᠠ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠶᠠᠪᠤᠭᠳᠠᠵᠤ᠂ ᠬᠤᠲᠠ ᠲᠣᠭᠤᠷᠢᠭ ᠤᠨ ᠬᠤᠶᠠᠷ ᠱᠠᠲᠤᠨ ᠤ | ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠡᠯ᠎ᠡ ᠨᠢᠭᠡᠴᠡ ᠶᠢᠨ ᠬᠠᠷᠢᠭᠤᠴᠠᠯᠭᠠᠲᠠᠨ ᠲᠣᠰ ᠤᠳᠠᠭᠠᠨ ᠤ ᠫᠠᠶᠢᠰᠠ ᠰᠡᠬᠦᠬᠦ | ᠠᠵᠢᠯᠯᠠᠭ᠎ᠠ ᠳᠤ ᠣᠷᠣᠯᠴᠠᠪᠠ᠃ | | | | | | ᠶᠣᠰᠣᠯᠠᠯ ᠳᠡᠭᠡᠷ᠎ᠡ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ | ᠬᠡᠯᠲᠡᠰ ᠪᠣᠯᠤᠨ ᠦᠬᠠᠶ ᠬᠤᠲᠠ ᠶᠢᠨ ᠠᠵᠢᠯ ᠮᠡᠷᠭᠡᠵᠢᠯ ᠤᠨ ᠰᠤᠷᠭᠠᠭᠤᠯᠢ ᠬᠠᠮᠲᠤᠷᠠᠨ ᠠᠵᠢᠯᠯᠠᠬᠤ ᠭᠡᠷ᠎ᠡ ᠲᠣᠭᠲᠠᠬᠤ | ᠶᠣᠰᠣᠯᠠᠯ ᠶᠠᠪᠤᠭᠤᠯᠪᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ | ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ᠂ ᠦᠬᠠᠢ ᠬᠤᠳᠠ ᠶᠢᠨ ᠰᠤᠷᠭᠠᠨ ᠬᠥᠮᠦᠵᠢᠯ ᠤᠨ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ᠂ | ᠬᠤᠳᠠ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠰᠢᠶᠤᠤ ᠰᠢ ᠲᠢᠶᠠᠨ | ᠬᠠᠮᠲᠤ ᠪᠠᠷ ᠨᠡᠶᠢᠭᠡᠮ ᠤᠨ ᠠᠵᠢᠯᠳᠠᠨ ᠤ ᠬᠥᠮᠦᠵᠢᠯ ᠪᠣᠯᠪᠠᠰᠤᠷᠠᠯ ᠤᠨ ᠰᠠᠭᠤᠷᠢᠨ ᠤ ᠫᠠᠶᠢᠰᠠ ᠶᠢ ᠰᠡᠬᠦᠵᠦ᠂ ᠬᠤᠶᠠᠷ | ᠲᠠᠯ᠎ᠠ ᠶᠢᠨ ᠨᠡᠶᠢᠭᠡᠮ ᠤᠨ ᠠᠵᠢᠯᠳᠠᠨ ᠤ ᠬᠥᠮᠦᠵᠢᠯ ᠪᠣᠯᠪᠠᠰᠤᠷᠠᠯ ᠤᠨ ᠬᠦᠷᠢᠶᠡᠨ ᠤ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠲᠠᠯ᠎ᠠ ᠪᠠᠷ ᠯᠠᠪᠳᠠᠭᠤᠨ ᠪᠠᠲᠤᠲᠠᠢ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃ | | ᠫᠠᠶᠢᠰᠠ ᠰᠡᠬᠦᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠶᠣᠰᠣᠯᠠᠯ ᠳᠤ ᠣᠷᠣᠯᠴᠠᠭᠰᠠᠨ ᠤᠳᠤᠷᠢᠳᠤᠯᠭ᠎ᠠ | ᠬᠠᠮᠲᠤ ᠪᠠᠷ ᠦᠬᠠᠢ ᠬᠤᠳᠠ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠠᠭᠤᠷᠢᠨ ᠳᠤ | ᠬᠦᠷᠴᠦ᠂ ᠴᠠᠢ ᠶᠢᠨ ᠤᠷᠠᠯᠢᠭ ᠤᠨ ᠲᠠᠰᠤᠭ ᠪᠣᠯᠤᠨ ᠤᠷᠠᠨ ᠪᠢᠴᠢᠯᠭᠡ ᠶᠢᠨ ᠲᠠᠰᠤᠭ ᠤᠨ ᠵᠢᠭᠠᠨ ᠰᠤᠷᠭᠠᠯᠲᠠ ᠶᠢᠨ | ᠲᠤᠬᠠᠢ ᠶᠢᠨ ᠲᠠᠯᠠᠪᠠᠢ ᠶᠢ ᠲᠣᠭᠤᠷᠢᠨ ᠦᠵᠡᠪᠡ᠃ ᠡᠲᠡᠭᠡᠷ ᠤᠨᠴᠠᠯᠢᠬᠳᠤ ᠬᠢᠴᠢᠶᠡᠯ ᠤᠨ ᠬᠢᠴᠢᠶᠡᠯᠯᠡᠬᠦ ᠪᠠᠶᠢᠳᠠᠯ ᠢ | ᠭᠦᠨᠵᠡᠭᠡᠶ ᠨᠠᠷᠢᠨ ᠣᠶᠢᠯᠠᠭᠠᠭᠰᠠᠨ ᠢᠶᠠᠷ ᠪᠠᠷᠠᠬᠤ ᠥᠬᠡᠶ᠂ ᠪᠠᠰᠠ ᠬᠢᠴᠢᠶᠡᠯᠯᠡᠬᠦ ᠪᠠᠭᠰᠢ ᠲᠠᠢ ᠨᠡᠪᠲᠡᠷᠡᠯᠴᠡᠨ | ᠰᠣᠯᠢᠯᠴᠠᠪᠠ᠃ | | ᠨᠡᠶᠢᠭᠡᠮ ᠲᠣᠭᠤᠷᠢᠭ ᠪᠣᠯ ᠦᠨᠳᠦᠰᠦᠨ ᠱᠠᠲᠤᠨ ᠤ ᠵᠠᠰᠠᠯᠲᠠ ᠶᠢᠨ ᠰᠠᠭᠤᠷᠢ ᠮᠥᠨ᠂ ᠨᠡᠶᠢᠭᠡᠮ ᠲᠣᠭᠤᠷᠢᠭ ᠤᠨ | ᠠᠵᠢᠯᠲᠠᠳ ᠪᠣᠯ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠭᠡᠳ ᠰᠠᠭᠤᠭᠠᠯᠢ ᠠᠷᠠᠳ ᠢ ᠬᠤᠯᠪᠣᠬᠤ ᠴᠢᠬᠤᠯᠠ | ᠬᠥᠭᠦᠷᠭᠡ ᠮᠥᠨ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠳᠥᠯᠭᠢᠨ ᠠᠬᠢᠭᠤᠯᠬᠤ | ᠵᠠᠩᠭᠢᠯᠠᠭ᠎ᠠ ᠶᠢᠨ ᠬᠦᠴᠦᠨ ᠮᠥᠨ᠃ ᠣᠳᠣᠬᠠᠨ ᠤ ᠲᠦᠷᠭᠡᠨ ᠬᠤᠪᠢᠷᠠᠵᠤ ᠪᠠᠶᠢᠭ᠎ᠠ ᠨᠡᠶᠢᠭᠡᠮ ᠤᠨ ᠣᠷᠴᠢᠨ | ᠲᠣᠭᠤᠷᠢᠨ ᠳᠤ ᠨᠡᠶᠢᠭᠡᠮ ᠲᠣᠭᠤᠷᠢᠭ ᠤᠨ ᠦᠢᠯᠡᠴᠢᠯᠡᠭᠡ ᠠᠴᠠ ᠵᠥᠷᠢᠴᠡᠯ ᠢ ᠡᠶᠡᠳᠡᠭᠦᠯᠬᠦ ᠬᠦᠷᠲᠡᠯ᠎ᠡ᠂ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠠᠴᠠ ᠰᠡᠳᠬᠢᠴᠡ ᠶᠢᠨ ᠡᠷᠡᠭᠦᠯ ᠮᠡᠨᠳᠤ ᠬᠦᠷᠲᠡᠯ᠎ᠡ᠂ ᠬᠦᠷᠢᠶ᠎ᠡ ᠴᠠᠷᠠᠭ᠎ᠠ | ᠨᠢᠭᠡᠪᠦᠷᠢ ᠳᠤ ᠴᠥᠮ ᠨᠡᠶᠢᠭᠡᠮ ᠤᠨ ᠠᠵᠢᠯᠲᠠᠳ ᠨᠡᠩ ᠲᠤᠰᠬᠠᠶᠢᠵᠢᠭᠰᠠᠨ᠂ ᠨᠡᠩ ᠪᠦᠬᠦ ᠲᠠᠯ᠎ᠠ ᠶᠢᠨ ᠮᠡᠳᠡᠯᠭᠡ ᠪᠠ | ᠤᠷ᠎ᠠ ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠢ᠃ ᠲᠣᠰ ᠤᠳᠠᠭᠠᠨ ᠤ ᠨᠡᠶᠢᠭᠡᠮ ᠲᠣᠭᠤᠷᠢᠭ ᠤᠨ ᠠᠵᠢᠯᠲᠠᠨ ᠤ | ᠬᠥᠮᠦᠵᠢᠯ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠫᠠᠶᠢᠰᠠ ᠡᠯᠭᠦᠨ ᠪᠠᠶᠢᠭᠤᠯᠤᠭᠳᠠᠭᠰᠠᠨ ᠨᠢ ᠨᠡᠶᠢᠭᠡᠮ | ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠬᠦ ᠪᠠ | ᠬᠠᠶᠢᠷᠤᠪ ᠤᠨ ᠲᠣᠬᠤᠢ ᠲᠣᠭᠤᠷᠢᠭ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠭᠰᠠᠨ ᠵᠠᠰᠠᠯᠲᠠ ᠶᠢᠨ ᠴᠢᠳᠠᠪᠤᠷᠢ ᠶᠢ ᠴᠢᠩᠭᠠᠳᠬᠠᠬᠤ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ | |