ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ | ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠡᠬᠢᠯᠡᠪᠡ | ᠭᠦᠸᠧ ᠢ ᠵᠢᠶᠧ ᠼᠦᠢ ᠬᠤᠩ ᠪᠥᠸᠧ ᠼᠤᠤ ᠬᠤᠢ ᠰᠢᠶᠠᠨ ᠬᠤᠷᠠᠯ ᠳᠤ ᠣᠷᠣᠯᠴᠠᠭᠰᠠᠨ ᠳᠤ ᠪᠠᠶᠠᠷ | ᠬᠦᠷᠭᠡᠪᠡ ᠭᠤᠤ ᠳ᠋ᠧᠩ ᠴᠧᠩ ᠠᠵᠢᠯ ᠤᠨ ᠢᠯᠡᠳᠬᠡᠯ ᠬᠢᠪᠡ | 1 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠦᠬᠠᠶ | ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ | ᠬᠤᠷᠠᠯ ᠡᠬᠢᠯᠡᠪᠡ᠃ | | ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠤᠤ ᠳ᠋ᠧᠩ ᠴᠧᠩ᠂ ᠳᠡᠳ᠋ ᠲᠡᠷᠢᠭᠦᠯᠡᠭᠴᠢ ᠲᠢᠶᠠᠨ ᠪᠦᠦ ᠡᡁᠧ᠂ ᠵᠧᠨ | ᠷᠦᠢ᠂ ᠾᠧ ᠮᠧᠢ ᠯᠢ᠂ ᠴᠢᠶᠣᠤ ᠬᠤᠢ ᠫᠢᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠨᠠᠮ ᠤᠨ ᠬᠤᠷᠢᠶᠠᠨ ᠤ | ᠱᠦᠵᠢ ᠭᠦᠸᠧ ᠢ ᠵᠢᠶᠧ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ ᠼᠦᠢ ᠬᠤᠩ ᠪᠥᠸᠧ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠼᠤᠤ ᠬᠤᠢ ᠰᠢᠶᠠᠨ ᠵᠢᠴᠢ ᠪᠤᠰᠤᠳ ᠲᠣᠭᠤᠷᠢᠭ ᠤᠨ ᠨᠠᠮ ᠤᠨ ᠬᠤᠷᠢᠶ᠎ᠠ᠂ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ | ᠵᠠᠰᠠᠭ ᠤᠨ ᠣᠷᠳᠣᠨ᠂ ᠲᠣᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ ᠬᠤᠷᠠᠯ ᠳᠤ | ᠣᠷᠣᠯᠴᠠᠵᠤ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠤ᠂ ᠬᠤᠳᠠ ᠶᠢᠨ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠠᠷᠢᠶᠠᠲᠤ ᠨᠠᠷ ᠤᠨ ᠠᠵᠢᠯ ᠤᠨ ᠠᠯᠪᠠᠨ | ᠭᠡᠷ ᠤᠨ ᠡᠷᠬᠢᠯᠡᠭᠴᠢ ᠳ᠋ᠦ᠋ ᠳ᠋ᠧ ᠬᠦᠢ ᠤᠷᠢᠯᠭ᠎ᠠ ᠪᠠᠷ ᠣᠷᠣᠯᠴᠠᠪᠠ᠃ | ᠲᠢᠶᠠᠨ ᠪᠦᠦ ᠾᠧ ᠡᠬᠢᠯᠡᠯᠲᠡ ᠶᠢᠨ ᠶᠡᠭᠡ ᠬᠤᠷᠠᠯ ᠢ ᠡᠷᠭᠢᠯᠡᠪᠡ᠃ | ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠬᠤᠷᠢᠶ᠎ᠠ ᠨᠡᠶᠢᠳᠡ 128 ᠭᠡᠰᠢᠭᠦᠨ ᠲᠠᠢ᠂ ᠡᠬᠢᠯᠡᠯᠲᠡ ᠶᠢᠨ ᠶᠡᠭᠡ ᠬᠤᠷᠠᠯ ᠳᠤ ᠣᠷᠣᠯᠴᠠᠭᠰᠠᠨ | ᠭᠡᠰᠢᠭᠦᠨ 110 ᠬᠥᠮᠦᠨ ᠪᠠᠶᠢᠵᠤ᠂ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠪᠡ᠃ | | ᠶᠡᠭᠡ ᠬᠤᠷᠠᠯ ᠠᠴᠠ ᠡᠩ ᠲᠡᠷᠢᠭᠦᠨ ᠳᠤ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ | ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ | ᠵᠥᠪᠯᠡᠬᠦ ᠵᠦᠢᠯ ᠢ ᠬᠢᠨᠠᠨ ᠵᠥᠪᠯᠡᠵᠦ ᠪᠠᠲᠤᠯᠠᠪᠠ᠃ | | ᠭᠤᠤ ᠳ᠋ᠧᠩ ᠴᠧᠩ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ | ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ | ᠮᠡᠳᠡᠭᠦᠯᠦᠯᠲᠡ ᠬᠢᠪᠡ᠃ ᠢᠯᠡᠳᠬᠡᠯ ᠳᠤ ᠵᠢᠭᠠᠵᠤ ᠭᠠᠷᠭᠠᠭᠰᠠᠨ ᠨᠢ᠂ 2024 ᠤᠨ ᠪᠣᠯ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠪᠠ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ | ᠣᠶ ᠮᠥᠨ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ | ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠨᠢᠭᠡ ᠵᠢᠯ ᠤᠨ ᠲᠤᠷᠰᠢ᠂ ᠬᠠᠶᠢᠷᠤᠪ ᠤᠨ ᠲᠤᠬᠤᠢ | ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠤᠭᠤᠷᠢᠭ ᠤᠨ ᠤᠯᠤᠰ | ᠲᠦᠷᠦ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ | ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠳᠤᠮᠳᠠᠳᠤ ᠤᠯᠤᠰ ᠤᠨ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠤᠨ 75 ᠵᠢᠯ ᠤᠨ ᠤᠢ ᠶᠢ ᠪᠡᠯᠭᠡᠯᠡᠬᠦ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠭᠤᠣᠯᠳᠠᠯᠭ᠎ᠠ ᠶᠢᠨ ᠲᠣᠭᠤᠷᠢᠨ ᠳᠤ | ᠶᠡᠭᠡ ᠲᠠᠯ᠎ᠠ ᠳᠤ ᠦᠢᠯᠡᠴᠢᠯᠡᠵᠦ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ | ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠡᠭᠦᠷᠭᠡ ᠴᠢᠳᠠᠪᠤᠷᠢ ᠪᠠᠨ ᠦᠨᠡᠨ ᠬᠦ | ᠭᠦᠢᠴᠡᠳᠬᠡᠵᠦ᠂ ᠪᠦᠬᠦ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠬᠦᠳᠦᠯᠦᠨ ᠳᠠᠭᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ | ᠲᠤᠬᠤᠢ ᠶᠢᠨ ᠦᠢᠯᠡᠳᠦᠯᠭᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ | | ᠢᠯᠡᠳᠬᠡᠯ ᠳᠤ ᠲᠠᠪᠤᠨ ᠲᠠᠯ᠎ᠠ ᠠᠴᠠ ᠥᠩᠭᠡᠷᠡᠭᠰᠡᠨ ᠨᠢᠭᠡ ᠵᠢᠯ ᠤᠨ ᠤᠯᠤᠰ ᠲᠦᠷᠦ ᠶᠢᠨ ᠵᠥᠪᠯᠡᠯᠭᠡᠨ ᠤ | ᠪᠠᠶᠢᠩᠭᠤ ᠶᠢᠨ ᠬᠤᠷᠢᠶᠠᠨ ᠤ ᠠᠵᠢᠯ ᠢ ᠡᠷᠭᠢᠴᠡᠭᠦᠯᠦᠨ ᠳ᠋ᠦᠩᠨᠡᠪᠡ᠃ ᠨᠢᠭᠡ ᠵᠢᠯ ᠤᠨ ᠲᠤᠷᠰᠢ᠂ ᠲᠤᠭᠤᠷᠢᠭ ᠤᠨ | ᠤᠯᠤᠰ ᠲᠦᠷᠦ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠤᠯᠤᠰ ᠲᠦᠷᠦ ᠶᠢᠨ ᠴᠢᠭᠯᠡᠯ ᠢᠶᠠᠨ | ᠪᠠᠲᠤᠳᠬᠠᠵᠤ᠂ ᠦᠨᠡᠨᠴᠢ ᠰᠢᠳᠤᠷᠭᠤ ᠤᠤᠷ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ ᠤ | ᠰᠠᠭᠤᠷᠢ ᠪᠠᠨ ᠨᠡᠩ ᠪᠠᠲᠤ ᠪᠠᠬᠢ ᠪᠣᠯᠭᠠᠪᠠ︔ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠵᠦ᠂ ᠶᠡᠭᠡ ᠲᠠᠯ᠎ᠠ ᠳᠤ ᠦᠢᠯᠡᠴᠢᠯᠡᠭᠡᠳ | ᠨᠡᠩ ᠪᠣᠳᠠᠲᠠᠢ ᠶᠢ ᠡᠷᠬᠢᠮᠯᠡᠪᠡ︔ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠲᠦᠮᠡᠨ ᠳᠤ ᠦᠢᠯᠡᠴᠢᠯᠡᠬᠦ ᠶᠢ ᠨᠡᠩ ᠰᠡᠳᠬᠢᠯ | ᠲᠠᠯᠪᠢᠨ᠎ᠠ︔ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠪᠦᠯᠬᠦᠮᠳᠡᠯ ᠠᠷᠠᠳᠴᠢᠯᠠᠯ ᠢ | ᠴᠢᠩᠭᠠᠳᠬᠠᠵᠤ᠂ ᠬᠥᠭᠵᠢᠯᠲᠡ ᠶᠢ ᠬᠠᠮᠲᠤ ᠪᠠᠷ ᠡᠷᠢᠯᠬᠢᠯᠡᠬᠦ ᠳᠤ ᠨᠡᠩ ᠬᠦᠴᠦᠲᠡᠢ ᠪᠣᠯᠭᠠᠪᠠ︔ ᠲᠥᠪ ᠶᠣᠰᠣ ᠶᠢ | ᠰᠠᠬᠢᠵᠤ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ | ᠡᠩᠨᠡᠭᠡᠨ ᠤ ᠬᠡᠪ ᠴᠢᠨᠠᠷ ᠲᠠᠰᠤᠷᠠᠯᠲᠠ ᠦᠭᠡᠢ ᠳᠡᠭᠡᠭᠰᠢᠯᠡᠪᠡ᠃ | | ᠮᠡᠳᠡᠭᠦᠯᠦᠯᠲᠡ ᠳᠤ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠮᠵᠢᠯᠲᠠ ᠪᠦᠲᠦᠮᠵᠢ ᠶᠢ | ᠣᠯᠤᠭᠰᠠᠨ ᠶᠠᠪᠤᠳᠠᠯ ᠪᠣᠯ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠳᠠ ᠶᠢᠨ ᠤᠯᠤᠰ ᠲᠦᠷᠦ ᠶᠢᠨ | ᠵᠥᠪᠯᠡᠯᠭᠡᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ᠂ ᠨᠡᠶᠢᠭᠡᠮ ᠤᠨ ᠡᠯ᠎ᠡ | ᠡᠲᠡᠭᠡᠳ ᠤᠨ ᠬᠢᠨ ᠬᠠᠮᠲᠤᠪᠠᠷ ᠬᠠᠯᠠᠮᠵᠢᠯᠠᠵᠤ᠂ ᠶᠡᠬᠡᠪᠡᠷ ᠳᠡᠮᠵᠢᠭᠰᠡᠨ ᠤ ᠦᠷ᠎ᠡ ᠳ᠋ᠦᠩ ᠮᠥᠨ᠂ ᠤᠯᠤᠰ ᠲᠦᠷᠦ ᠶᠢᠨ | ᠵᠥᠪᠯᠡᠯᠭᠡᠨ ᠳᠤ ᠣᠷᠣᠯᠴᠠᠭᠰᠠᠨ ᠡᠯ᠎ᠡ ᠨᠢᠭᠡᠴᠡ ᠪᠣᠯᠤᠨ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠦᠨᠡᠨ ᠰᠡᠳᠬᠢᠯ ᠠᠴᠠ ᠪᠠᠨ ᠪᠦᠯᠬᠦᠮᠳᠡᠭᠰᠡᠨ᠂ ᠴᠢᠩ ᠰᠡᠳᠬᠢᠯ ᠠᠴᠠ ᠪᠠᠨ ᠬᠤᠪᠢ ᠨᠡᠮᠡᠷᠢ | ᠦᠵᠡᠭᠦᠯᠦᠭᠰᠡᠨ ᠤ ᠦᠷ᠎ᠡ ᠳ᠋ᠦᠩ ᠮᠥᠨ᠃ | ᠢᠯᠡᠳᠬᠡᠯ ᠳᠤ ᠴᠢᠬᠤᠯᠠᠴᠢᠯᠠᠭᠰᠠᠨ ᠨᠢ᠂ 2025 ᠣᠨ ᠳᠤ᠂ ᠲᠤᠭᠤᠷᠢᠭ ᠤᠨ ᠤᠯᠤᠰ ᠲᠥᠷᠥ ᠶᠢᠨ | ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ | ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ | ᠤᠳᠤᠷᠢᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ | ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠬᠠᠮᠤᠭ ᠤᠨ ᠰᠠᠶᠢᠨ | ᠤᠬᠠᠮᠰᠠᠷ ᠢᠶᠠᠨ ᠴᠢᠩᠭᠠᠳᠬᠠᠵᠤ᠂ ︽ᠬᠠᠷᠠᠯᠲᠠ ᠪᠠᠨ ᠲᠣᠭᠲᠠᠭᠠᠵᠤ᠂ ᠬᠦᠴᠢᠷ ᠢ ᠰᠦᠷᠦᠨ ᠤᠷᠤᠭᠰᠢᠯᠠᠵᠤ᠂ | ᠰᠢᠷᠭᠠᠭᠤ ᠠᠵᠢᠯᠯᠠᠨ ᠪᠣᠳᠠᠲᠠᠶ ᠠᠵᠢᠯᠯᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ︾ ᠠᠵᠢᠯ ᠤᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠭᠤᠤᠯ ᠶᠡᠭᠡ | ᠲᠠᠯ᠎ᠠ ᠳᠤ ᠤᠶᠢᠯᠡᠴᠢᠯᠡᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ ᠤᠯᠤᠰ ᠲᠥᠷᠥ ᠶᠢᠨ | ᠵᠥᠪᠯᠡᠯᠭᠡᠨ ᠤ ᠠᠵᠢᠯ ᠢ ᠠᠬᠢᠭᠤᠯᠵᠤ᠂ ︽ᠰᠢᠨ᠎ᠡ ᠵᠠᠮ ᠢᠶᠠᠷ ᠠᠶᠠᠯᠠᠨ ᠳᠤᠮᠳᠠ ᠤᠷᠤᠰᠬᠠᠯ ᠳᠤ ᠪᠤᠴᠠᠬᠤ︾ | ᠬᠠᠷᠠᠯᠲᠠ ᠶᠢ ᠪᠡᠶᠡᠯᠡᠭᠦᠯᠵᠦ᠂ ᠬᠠᠶᠢᠷᠤᠪ ᠤᠨ ᠲᠣᠬᠤᠶ ᠲᠣᠭᠤᠷᠢᠭ ᠤᠨ ᠠᠵᠤ ᠠᠬᠤᠶ ᠨᠡᠶᠢᠭᠡᠮ ᠤᠨ ᠰᠢᠨᠵᠢᠯᠡᠬᠦ | ᠤᠬᠠᠭᠠᠨᠴᠢ ᠬᠥᠭᠵᠢᠯᠲᠡ᠂ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠪᠥᠬᠦ ᠬᠦᠴᠦᠨ ᠢᠶᠠᠷ ᠢᠶᠠᠨ | ᠳᠥᠯᠭᠢᠨ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃ ᠳᠥᠷᠪᠡᠨ ᠵᠦᠢᠯ ᠤᠨ | ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠄ ᠨᠢᠭᠡ ᠳᠤ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ | ᠦᠨᠡᠨᠴᠢ ᠰᠢᠳᠤᠷᠭᠤ ᠪᠠᠶᠢᠬᠤ ᠶᠢᠨ ᠰᠦᠭ ᠰᠦᠨᠡᠰᠦ ᠶᠢ ᠪᠠᠬᠢᠵᠢᠭᠦᠯᠬᠦ ᠬᠡᠷᠡᠭᠲᠡᠶ︔ ᠬᠤᠶᠠᠷ ᠲᠤ᠂ ᠭᠤᠣᠯ ᠶᠡᠭᠡ | ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠬᠠᠷᠢᠭᠤᠴᠠᠯᠭ᠎ᠠ ᠶᠢ | ᠦᠢᠯᠡᠳᠦᠯᠭᠡᠵᠢᠭᠦᠯᠦᠨ᠎ᠡ︔ ᠭᠤᠷᠪᠠ ᠳᠤ᠂ ᠨᠢᠭᠡᠳᠦᠮᠡᠯ ᠹᠷᠣᠨᠲ ᠤᠨ ᠴᠢᠳᠠᠮᠵᠢ ᠶᠢ ᠪᠠᠳᠠᠷᠠᠭᠤᠯᠵᠤ᠂ ᠡᠷᠡᠯᠬᠡᠭᠯᠡᠨ | ᠤᠷᠤᠭᠰᠢᠯᠠᠬᠤ ᠬᠦᠴᠦᠨ ᠢ ᠨᠢᠭᠲᠠᠷᠠᠭᠤᠯᠬᠤ ᠬᠡᠷᠡᠭᠲᠡᠢ︔ ᠲᠦᠷᠪᠡ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠵᠤ᠂ ᠪᠣᠳᠠᠲᠠᠢ ᠠᠵᠢᠯᠯᠠᠬᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ | | ᠬᠤᠷᠠᠯ ᠠᠴᠠ᠂ ᠤᠯᠤᠰ ᠲᠦᠷᠦ ᠶᠢᠨ ᠵᠥᠪᠯᠡᠯᠭᠡᠨ ᠤ ᠬᠢᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠠᠶᠢᠷᠤᠪ ᠤᠨ ᠲᠤᠬᠤᠢ | ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠢᠲᠡᠭᠡᠯ ᠵᠣᠷᠢᠭ ᠢᠶᠠᠨ | ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ | ᠡᠷᠡᠮᠡᠬᠡᠶᠢᠯᠡᠨ ᠤᠷᠤᠭᠰᠢᠯᠠᠵᠤ᠂ ︽ᠰᠢᠨ᠎ᠡ ᠵᠠᠮ ᠢᠶᠠᠷ ᠤᠷᠤᠭᠰᠢᠯᠠᠵᠤ᠂ ᠲᠤᠮᠳᠠ ᠤᠷᠤᠰᠬᠠᠯ ᠲᠤ ᠪᠤᠴᠠᠬᠤ︾ | ᠬᠠᠷᠠᠯᠲᠠ ᠡᠭᠦᠷᠭᠡ ᠶᠢ ᠪᠡᠶᠡᠯᠡᠭᠦᠯᠬᠦ ᠳᠤᠮᠳᠠ ᠤᠯᠤᠰ ᠲᠦᠷᠦ ᠶᠢᠨ ᠵᠥᠪᠯᠡᠯᠭᠡᠨ ᠤ ᠡᠭᠦᠷᠭᠡᠯᠡᠯ ᠢᠶᠠᠨ ᠢᠯᠡᠷᠡᠭᠦᠯᠵᠦ᠂ | ᠤᠯᠤᠰ ᠲᠦᠷᠦ ᠶᠢᠨ ᠵᠥᠪᠯᠡᠯᠭᠡᠨ ᠤ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠬᠦ ᠶᠢᠨ ᠲᠥᠯᠥᠭᠡ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠲᠡᠮᠡᠴᠡᠬᠦ ᠬᠡᠷᠡᠭᠲᠡᠢ︕ | ᠵᠧᠨ ᠷᠦᠢ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ | ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ | ᠲᠥᠯᠥᠭᠡᠯᠡᠨ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯ ᠠᠴᠠ | ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ᠃ | ᠶᠠᠩ ᠳ᠋ᠦᠸᠧ᠂ ᠸᠠᠩ ᠵᠢᠤᠸᠠᠨ᠂ ᠪᠠᠶ ᡁᠢ ᠯᠦᠩ᠂ ᠵᠦ ᠯᠢ ᠬᠤᠸᠠ᠂ ᠾᠧ ᠶᠠᠨ ᠪᠢᠩ᠂ ᠭᠤᠤ ᠸᠧᠨ ᠵᠧᠩ᠂ | ᠯᠢᠶᠠᠩ ᠴᠢᠩ᠂ ᠹᠧᠩ ᠰᠢᠤ ᠮᠧᠶ᠂ ᠫᠧᠩ ᠮᠢᠩ ᠯᠢᠨ᠂ ᠵᠠᠩ ᠾᠦᠢ᠂ ᠯᠢᠦ ᠭᠠᠩ᠂ ᠬᠠᠨ ᠵᠢᠶᠠᠨ ᠬᠤᠸᠠ᠂ ᠸᠠᠩ | ᠱᠦ ᠶᠠᠨ᠂ ᠡᠤ ᠬᠠᠶ᠂ ᠹᠦ᠋ ᠷᠦᠢ᠂ ᠯᠢ ᠱᠢ ᠴᠤᠤ᠂ ᠷᠧᠨ ᠶᠦᠩ᠂ ᠸᠠᠩ ᠢᠦᠶ ᠹᠸᠢ ᠨᠠᠷ ᠰᠠᠭᠤᠵᠠᠶ᠃ | ᠲᠤᠭᠤᠷᠢᠭ ᠤᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠣᠯᠠᠨ ᠲᠦᠮᠡᠨ ᠤ ᠪᠦᠯᠬᠦᠮ ᠪᠠ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠲᠤᠭᠤᠷᠢᠭ ᠲᠤ ᠰᠠᠭᠤᠭ᠎ᠠ ᠬᠤᠯᠪᠣᠭᠳᠠᠯ ᠪᠥᠬᠦᠶ | ᠨᠢᠭᠡᠴᠡ ᠪᠠ ᠲᠤᠭᠤᠷᠢᠭ ᠤᠨ ᠬᠠᠷᠢᠶ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤᠷᠢᠯᠭ᠎ᠠ ᠪᠠᠷ ᠬᠤᠷᠠᠯ ᠳᠤ | ᠣᠷᠣᠯᠴᠠᠵᠠᠶ᠃ | | |