2025᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠲᠠᠯ᠎ᠠ ᠪᠠᠷ ᠢᠩᠭᠢᠵᠦ ᠬᠢᠨ᠎ᠡ
ᠨᠡᠶᠢᠲᠡᠯᠡᠭᠰᠡᠨ ᠴᠠᠭ᠄
2025/1/30
    2025 ᠣᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠲᠤᠭᠤᠷᠢᠭ ᠤᠨ ᠨᠠᠮ ᠤᠨ ᠷᠢᠶᠠᠨ ᠤ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠡᠷᠡᠭᠴᠡᠭᠡ ᠶᠢ ᠥᠷᠭᠡᠳᠬᠡᠵᠦ᠂ ᠭᠤᠣᠯ ᠴᠣᠭᠴᠠ ᠶᠢ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠᠷ ᠭᠤᠣᠯᠳᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠤᠨᠢᠨ ᠳᠡᠭᠡᠷ᠎ᠡ ᠨᠢ ᠥᠷᠨᠢᠭᠦᠯᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠬᠥᠭᠵᠢᠭᠡᠨ᠎ᠡ᠃
640.png   
    ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ︽ᠬᠤᠳᠠᠯᠳᠤᠭ᠎ᠠ ᠪᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ︾ ᠶᠢ ᠪᠠᠷᠢᠮᠲᠠᠯᠠᠵᠤ᠂ ᠪᠣᠬᠢᠷᠲᠤᠯ ᠦᠭᠡᠢ ᠴᠠᠬᠢᠯᠭᠠᠨ᠂ ᠡᠬᠢ ᠪᠠᠶᠠᠯᠢᠭ ᠪᠠ ᠪᠠᠭᠲᠠᠭᠠᠨ ᠰᠢᠩᠭᠡᠭᠡᠬᠦ ᠵᠡᠷᠭᠡ ᠬᠠᠷᠢᠴᠠᠭᠤᠯᠤᠭᠰᠠᠨ ᠳᠠᠪᠠᠭᠤᠯᠢᠭ ᠢᠶᠠᠷ ᠲᠦᠷᠦᠯ ᠵᠦᠢᠯ ᠢ ᠰᠣᠯᠢᠵᠤ᠂ ᠭᠤᠣᠯᠯᠠᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ᠂ ᠴᠢᠩ ᠲᠤᠤ ᠵᠡᠷᠭᠡ ᠳᠡᠭᠡᠳᠦ ᠳᠤᠤᠷᠠᠳᠤ ᠤᠷᠤᠰᠬᠠᠯ ᠤᠨ ᠪᠡᠯᠡ ᠮᠥᠩᠭᠦ ᠶᠢ ᠨᠡᠮᠡᠭᠳᠡᠭᠦᠯᠦᠨ ᠭᠠᠷᠤᠯᠲᠠ ᠶᠢ ᠥᠷᠭᠡᠳᠬᠡᠬᠦ ᠶᠢ ᠠᠬᠢᠭᠤᠯᠵᠤ᠂ ᠤᠳᠤ ᠶᠢᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠨᠥᠬᠦᠪᠥᠷᠢᠯᠡᠨ᠎ᠡ᠃ ᠶᠡᠷᠦᠩᠬᠡᠢ ᠬᠡᠯᠲᠡᠰ ᠤᠨ ᠠᠵᠤ ᠠᠬᠤᠢ᠂ ᠳᠠᠩᠰᠠᠯᠠᠭᠤᠯᠤᠭᠰᠠᠨ ᠭᠠᠵᠠᠷ ᠤᠨ ᠠᠵᠤ ᠠᠬᠤᠢ ᠶᠢᠨ ᠬᠥᠭᠵᠢᠯᠲᠡ ᠶᠢᠨ ᠡᠷᠴᠢᠮ ᠢ ᠴᠢᠩᠭᠠᠷᠠᠭᠤᠯᠵᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ᠂ ᠥᠨᠳᠥᠷ ᠨᠡᠮᠡᠯᠲᠡ ᠦᠷᠳᠡᠭ ᠲᠠᠢ᠂ ᠳᠣᠣᠷ᠎ᠠ ᠭᠠᠳᠠᠭᠰᠢᠯᠠᠭᠤᠯᠬᠤ ᠠᠵᠤ ᠦᠢᠯᠡᠰ ᠲᠤ ᠴᠢᠭᠯᠡᠭᠦᠯᠦᠨ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠪᠣᠬᠢᠷᠲᠤᠯ ᠢ ᠵᠠᠰᠠᠬᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠠᠬᠤᠶᠢᠯᠠᠯ ᠢ ᠬᠠᠷᠠᠯᠲᠠ ᠲᠠᠢ ᠵᠣᠯᠭᠠᠭᠤᠯᠵᠤ᠂ ᠠᠵᠤ ᠠᠬᠤᠢ ᠶᠢᠨ ᠬᠥᠭᠵᠢᠯᠲᠡ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠣᠰ ᠠᠮᠵᠢᠯᠲᠠ ᠶᠢ ᠤᠯᠬᠤ ᠵᠠᠮ ᠢᠶᠠᠷ ᠦᠨᠡᠨᠬᠦ ᠰᠠᠶᠢᠲᠤᠷ ᠵᠠᠮᠨᠠᠬᠤ ᠬᠡᠷᠡᠭᠲᠡᠢ᠃ ᠲᠣᠭᠠᠴᠢᠯᠠᠭᠰᠠᠨ ᠠᠵᠤ ᠠᠬᠤᠢ᠂ ᠳᠣᠣᠷ᠎ᠠ ᠠᠭᠠᠷ ᠤᠨ ᠠᠵᠤ ᠠᠬᠤᠢ᠂ AI ᠪᠤᠳᠤᠬᠤ ᠬᠦᠴᠦᠨ ᠤ ᠲᠥᠪ᠂ ᠲᠡᠷᠭᠡᠨ ᠵᠠᠮ ᠤᠨ ᠡᠭᠦᠯᠡ ᠶᠢ ᠨᠢᠭᠡ ᠴᠤᠭᠴᠠᠵᠢᠭᠤᠯᠬᠤ ᠵᠡᠷᠭᠡ ᠡᠮᠦᠨ᠎ᠡ ᠵᠠᠬ᠎ᠠ ᠶᠢᠨ ᠬᠦᠷᠢᠶ᠎ᠡ ᠶᠢ ᠴᠢᠩᠭ᠎ᠠ ᠠᠩᠬᠠᠷᠴᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠲᠥᠯᠥᠪᠵᠢᠭᠦᠯᠦᠨ ᠪᠠᠶᠢᠷᠢᠰᠢᠭᠤᠯᠤᠨ᠎ᠠ᠃
640 (1).png   
    ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠨᠠᠷ ᠰᠠᠢᠲᠠᠢ ᠨᠠᠢᠷᠠᠭᠤᠯᠤᠨ ᠵᠣᠬᠢᠶᠠᠨ᠎ᠠ᠃ ᠤᠯᠤᠰ ᠤᠨ ᠡᠳ᠋ ᠤᠨ ᠵᠠᠰᠠᠭ ᠤᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠠᠰᠢᠭ ᠣᠯᠬᠤ ᠬᠤᠭᠤᠴᠠᠭ᠎ᠠ ᠶᠢ ᠪᠠᠲᠤ ᠡᠵᠡᠮᠳᠡᠵᠦ᠂ ᠲᠥᠷᠥ ᠶᠢᠨ ᠪᠣᠳᠣᠯᠭ᠎ᠠ ᠪᠠᠯᠠ ᠮᠥᠩᠭᠦ ᠪᠠᠷ ᠲᠡᠳᠬᠦᠬᠦ ᠴᠢᠭᠯᠡᠯ ᠢ ᠨᠡᠪᠲᠡᠷᠡᠲᠡᠯ᠎ᠡ ᠣᠶᠢᠯᠠᠭᠠᠵᠤ᠂ ᠨᠠᠩ ᠣᠯᠠᠨ ᠲᠥᠷᠥᠯ ᠵᠦᠢᠯ ᠢ ᠳᠡᠭᠡᠳᠦ ᠱᠠᠲᠤᠨ ᠤ ᠪᠠᠯᠠ ᠮᠥᠩᠭᠦ ᠶᠢᠨ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠨ᠎ᠠ᠃ ᠲᠦᠷᠦᠯ ᠵᠦᠢᠯ ᠢ ᠲᠥᠯᠥᠪᠵᠢᠭᠦᠯᠬᠦ᠂ ᠨᠠᠶᠢᠳᠠᠪᠤᠷᠢᠵᠢᠭᠤᠯᠬᠤ᠂ ᠪᠦᠳᠦᠭᠡᠨ ᠪᠠᠶᠢᠭᠤᠯᠬᠤ᠂ ᠦᠷ᠎ᠡ ᠪᠦᠲᠦᠮᠵᠢ ᠭᠠᠷᠭᠠᠬᠤ᠂ ᠦᠢᠯᠡᠴᠢᠯᠡᠬᠦ ᠵᠡᠷᠭᠡ ᠭᠤᠭᠴᠤᠭ᠎ᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠡᠪᠦᠯ ᠤᠨ ᠠᠮᠠᠷᠠᠯᠲᠠ ᠶᠢ ᠠᠮᠵᠢᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠢ ᠨᠠᠷᠢᠯᠢᠭ ᠬᠢᠵᠦ᠂ ︽ᠬᠠᠪᠤᠷ ᠤᠨ ᠡᠬᠢ ᠪᠠᠷ ᠳᠠᠷᠤᠢ ᠠᠵᠢᠯ ᠡᠬᠢᠯᠡᠭᠦᠯᠬᠦ︾ ᠶᠢ ᠪᠠᠲᠤᠯᠠᠬᠤ ᠬᠡᠷᠡᠭᠲᠡᠢ᠃ ᠪᠦᠬᠦ ᠵᠢᠯ ᠳᠤ 48 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ 59.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃
640 (2).png   
    ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠦᠭᠵᠢᠭᠡᠨ᠎ᠡ᠃ ︽ᠬᠤᠶᠠᠷ ᠰᠢᠨ᠎ᠡ︾ ᠶᠢᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠠᠳᠬᠤᠵᠤ᠂ ᠤᠯᠠᠷᠢᠯ ᠪᠦᠷᠢ ᠨᠢᠭᠡ ᠤᠳᠠᠭ᠎ᠠ ᠵᠠᠰᠠᠭ ᠤᠨ ᠣᠷᠳᠣᠨ ᠤ ᠨᠥᠬᠦᠪᠥᠷᠢ ᠪᠠᠷ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠨᠠᠩ ᠣᠯᠠᠨ ᠬᠡᠷᠡᠭᠯᠡᠭᠡ ᠶᠢ ᠲᠠᠲᠠᠵᠤ᠂ ᠬᠤᠷᠰᠢᠶ᠎ᠠ ᠶᠢᠨ ᠳᠠᠩ ᠨᠡᠮᠡᠭᠳᠡᠯ ᠢ ᠳᠠᠶᠢᠴᠢᠯᠠᠨ᠎ᠠ︔ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠵᠡᠭᠦᠯᠬᠦ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠬᠢᠭᠡᠳ ᠲᠣᠰ ᠭᠠᠵᠠᠷ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠦᠨᠵᠡᠭᠡᠶ ᠬᠠᠮᠲᠤᠷᠠᠯᠴᠠᠭ᠎ᠠ ᠶᠢ ᠬᠦᠴᠦᠯᠡᠨ ᠠᠬᠢᠭᠤᠯᠵᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠦᠢᠯᠡᠰ ᠤᠨ ᠭᠤᠷᠪᠠᠳᠤᠭᠠᠷ ᠠᠵᠤ ᠦᠢᠯᠡᠰ ᠤᠨ ᠡᠵᠡᠯᠡᠬᠦ ᠬᠤᠪᠢ ᠶᠢᠨ ᠵᠢᠩ ᠢ 12% ᠠᠴᠠ ᠳᠠᠪᠠᠭᠤᠯᠬᠤ ᠪᠠᠷ ᠴᠢᠷᠮᠠᠶᠢᠨ᠎ᠠ᠃
640 (3).png   
    ᠬᠠᠶᠢᠷᠤᠪ ᠤᠨ ᠲᠤᠬᠤᠢ ᠲᠣᠭᠤᠷᠢᠭ ᠤᠨ ᠬᠢᠨ ᠴᠠᠭ ᠪᠢᠳᠡᠨ ᠢ ᠬᠦᠯᠢᠶᠡᠬᠦ ᠦᠭᠡᠢ ᠲᠤᠯᠭᠠᠮ᠎ᠠ ᠰᠡᠳᠬᠢᠯᠭᠡ᠂ ᠥᠪᠡᠷ ᠢ ᠪᠠᠨ ᠦᠷᠡᠭᠳᠡᠭᠦᠯᠬᠦ ᠬᠠᠷᠢᠭᠤᠴᠠᠯᠭᠠᠲᠤ ᠰᠡᠳᠬᠢᠯᠭᠡ ᠪᠠᠷ ᠬᠦᠴᠢᠷ ᠢ ᠲᠤᠭᠤᠯᠤᠨ ᠬᠦᠴᠢᠷ ᠢ ᠳᠠᠪᠠᠵᠤ᠂ ᠡᠷᠡᠯᠬᠡᠭᠯᠡᠨ ᠤᠷᠤᠭᠰᠢᠯᠠᠵᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠵᠤ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ᠂ ᠨᠡᠶᠢᠭᠡᠮ ᠤᠨ ᠪᠦᠬᠦ ᠲᠠᠯ᠎ᠠ ᠶᠢᠨ ᠲᠠᠪᠰᠢᠯᠳᠠ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃    
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号