2025 ᠣᠨ ᠳᠤ᠂ ᠬᠠᠶᠢᠷᠤᠪ ᠤᠨ ᠲᠤᠬᠤᠢ ᠲᠣᠭᠤᠷᠢᠭ ᠬᠥᠭᠵᠢᠯᠲᠡ ᠶᠢᠨ ᠠᠮᠢᠵᠢᠷᠠᠯ ᠤᠨ ᠬᠦᠴᠦᠨ ᠢᠶᠠᠨ ᠦᠷᠭᠦᠯᠵᠢᠯᠡᠨ ᠴᠢᠩᠭᠠᠷᠠᠭᠤᠯᠤᠨ᠎ᠠ
ᠨᠡᠶᠢᠲᠡᠯᠡᠭᠰᠡᠨ ᠴᠠᠭ᠄
2025/1/31
    2025 ᠣᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠥᠭᠡᠷᠡᠴᠢᠯᠡᠯᠲᠡ ᠶᠢᠨ ᠤᠨᠤᠯ ᠢᠶᠠᠷ ᠰᠢᠨ᠎ᠡ ᠦᠢᠯᠡᠳᠦᠯᠭᠡ ᠶᠢ ᠵᠢᠯᠣᠭᠤᠳᠴᠤ᠂ ᠰᠢᠨ᠎ᠡ ᠬᠤᠪᠢᠰᠤᠯᠲᠠ ᠶᠢ ᠬᠦᠳᠦᠯᠦᠨ ᠳᠠᠭᠠᠭᠤᠯᠵᠤ᠂ ᠬᠠᠭᠤᠴᠢᠨ ᠳᠦᠷᠢᠮ ᠪᠠ ᠰᠢᠪᠲᠤᠯᠤᠯᠲᠠ ᠭᠠᠷᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠳᠬᠠᠵᠤ᠂ ᠴᠢᠬᠤᠯᠠ ᠶᠡᠭᠡ ᠲᠦᠷᠢᠮ ᠤᠨ ᠰᠢᠨ᠎ᠡ ᠶᠢ ᠡᠭᠦᠳᠬᠦ ᠶᠢ ᠬᠦᠴᠦᠯᠡᠨ ᠰᠠᠶᠢᠲᠤᠷ ᠠᠳᠬᠤᠵᠤ᠂ ᠪᠦᠬᠦ ᠨᠡᠶᠢᠭᠡᠮ ᠤᠨ ᠳᠣᠲᠣᠭᠠᠳᠤ ᠶᠢᠨ ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃
640.png   
    ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠴᠢᠩᠭᠠᠳᠬᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠣᠭᠤᠷᠢᠨ ᠳᠤ ᠳᠡᠰ ᠳᠡᠪᠰᠢᠭᠦᠯᠬᠦ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠪᠦᠲᠦᠴᠡ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠥᠮᠴᠢᠯᠡᠯᠲᠦ ᠡᠬᠢ ᠪᠠᠶᠠᠯᠢᠭ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠦᠨ᠂ ᠤᠯᠤᠰ ᠤᠨ ᠥᠮᠴᠢᠯᠡᠯᠲᠦ ᠡᠬᠢ ᠪᠠᠶᠠᠯᠢᠭ ᠤᠨ ᠠᠰᠢᠭ ᠣᠯᠵᠠᠪᠤᠷᠢ ᠶᠢ ᠪᠠᠲᠤᠯᠠᠨ᠎ᠠ︔ ᠪᠦᠬᠦ ᠬᠤᠲᠠ ᠶᠢᠨ ᠭᠤᠣᠯ ᠬᠤᠲᠠ ᠲᠣᠭᠤᠷᠢᠭ ᠤᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠪᠡᠭᠡᠵᠢᠩ ᠵᠢᠴᠢ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠭᠦᠨᠵᠡᠭᠡᠢ ᠰᠣᠯᠢᠯᠴᠠᠭ᠎ᠠ ᠶᠢ ᠴᠢᠩᠭᠠᠳᠬᠠᠵᠤ᠂ ᠮᠥᠩᠭᠦᠨ ᠭᠦᠢᠯᠭᠡᠭᠡ᠂ ᠰᠤᠷᠭᠠᠨ ᠬᠥᠮᠦᠵᠢᠯ᠂ ᠡᠮ ᠡᠮᠨᠡᠯᠭᠡ᠂ ᠵᠢᠭᠤᠯᠴᠢᠯᠠᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠦᠨ᠎ᠡ᠃
640 (1).png  
    ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠳᠡᠭᠡᠭᠰᠢᠯᠡᠭᠦᠯᠦᠨ᠎ᠡ᠃ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠨᠠᠶᠢᠷᠠᠭᠤᠯᠬᠤ ᠪᠠ ᠵᠢᠵᠢᠭ ᠬᠡᠯᠪᠡᠷᠢ ᠶᠢᠨ ᠡᠳᠰᠢᠭᠦᠯᠬᠦ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠪᠠ ᠠᠵᠤ ᠠᠬᠤᠶ ᠶᠢᠨ ᠬᠤᠪᠢ ᠨᠡᠮᠡᠷᠢ ᠶᠢᠨ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠂ ᠵᠢᠵᠢᠭ ᠬᠡᠯᠪᠡᠷᠢ ᠶᠢᠨ ᠡᠳᠰᠢᠭᠦᠯᠬᠦ ᠬᠦᠷᠢᠶᠡᠯᠡᠩ ᠲᠣᠭᠤᠷᠢᠭ ᠢ ᠬᠤᠲᠠ ᠶᠢᠨ ᠢᠳᠡᠭᠡᠨ ᠡᠳᠰᠢᠭᠦᠯᠬᠦ ᠬᠦᠷᠢᠶᠡᠯᠡᠩ ᠲᠣᠭᠤᠷᠢᠭ ᠪᠣᠯᠭᠠᠨ ᠪᠥᠲᠥᠭᠡᠨ ᠪᠠᠶᠢᠭᠤᠯᠤᠨ᠎ᠠ᠃ ᠡᠩᠬᠡ 220KV ᠬᠦᠴᠦᠳᠡᠯ ᠥᠭᠡᠷᠡᠴᠢᠯᠡᠬᠦ ᠥᠷᠲᠡᠭᠡ ᠶᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠨᠡᠭᠡᠭᠡᠯᠲᠡ ᠶᠢᠨ ᠲᠣᠭᠤᠷᠢᠭ ᠤᠨ ᠬᠤᠶᠢᠲᠤ ᠲᠣᠭᠤᠷᠢᠭ ᠤᠨ ᠲᠡᠷᠭᠡᠨ ᠵᠣᠭᠰᠣᠭᠠᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠤᠯᠠᠬᠤ ᠲᠠᠯᠠᠪᠠᠢ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠭᠡᠷᠡᠴᠢᠯᠡᠨ ᠳᠡᠭᠡᠭᠰᠢᠯᠡᠭᠦᠯᠦᠨ᠎ᠡ᠃
640 (2).png   
    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠠᠵᠤ ᠠᠬᠤᠶᠢᠯᠠᠯ ᠤᠨ ᠲᠣᠭᠲᠠᠴᠠ ᠶᠢ ᠪᠠᠶᠢᠭᠤᠯᠵᠤ᠂ ᠡᠬᠢ ᠪᠠᠶᠠᠯᠢᠭ ᠤᠨ ᠡᠯᠧᠮᠧᠨ᠋ᠲ ᠢ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠥᠪᠯᠡᠷᠡᠭᠦᠯᠬᠦ᠂ ᠴᠢᠨᠠᠷ ᠰᠠᠶᠢᠲᠠᠶ ᠠᠵᠤ ᠠᠬᠤᠶᠢᠯᠠᠯ ᠲᠡᠰᠢ ᠬᠡᠯᠪᠠᠶᠢᠯᠭᠡᠬᠦ ᠶᠢ ᠠᠬᠢᠭᠤᠯᠵᠤ᠂ ᠡᠨᠧᠷᠭᠢ ᠶᠢᠨ ᠬᠤᠷᠣᠭᠳᠠᠯ᠂ ᠤᠰᠤᠨ ᠤ ᠡᠷᠬᠡ ᠵᠡᠷᠭᠡ ᠭᠦᠢᠴᠡᠳᠬᠡᠯ ᠲᠤᠭ᠎ᠠ ᠶᠢ ᠴᠢᠷᠮᠠᠶᠢᠨ ᠣᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠵᠤ᠂ ᠵᠠᠰᠠᠭ ᠪᠠᠩᠬᠢ ᠠᠵᠤ ᠠᠬᠤᠶᠢᠯᠠᠯ ᠤᠨ ᠵᠣᠯᠭᠠᠯᠴᠠᠭ᠎ᠠ ᠶᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠪᠡᠯᠡ ᠮᠥᠩᠭᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠰᠠᠶᠢᠲᠤᠷ ᠬᠢᠵᠦ᠂ ᠲᠥᠷᠥᠯ ᠵᠦᠢᠯ ᠢ ᠣᠷᠣᠭᠤᠯᠵᠤ ᠳᠡᠶᠢᠯᠬᠦ᠂ ᠨᠠᠶᠢᠳᠠᠪᠤᠷᠢᠵᠢᠭᠤᠯᠵᠤ ᠳᠡᠶᠢᠯᠬᠦ  ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠶᠠᠪᠤᠴᠠ ᠳᠠᠬᠢ ᠲᠦᠭᠵᠢᠷᠡᠯ ᠤᠨ ᠠᠰᠠᠭᠤᠳᠠᠯ ᠢ ᠬᠦᠴᠦ ᠣᠷᠣᠭᠤᠯᠤᠨ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠠᠷᠢᠨ ᠲᠠᠩᠰᠠᠵᠢᠭᠤᠯᠬᠤ᠂ ᠵᠠᠬᠢᠶᠠᠯᠠᠭ᠎ᠠ ᠶᠢᠨ ᠬᠡᠯᠪᠡᠷᠢ ᠪᠠᠷ ᠠᠵᠤ ᠠᠬᠤᠶᠢᠯᠠᠯ ᠢ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠴᠢᠩ ᠲᠤᠤ᠂ ᠢ ᠮᠤ᠋ ᠵᠡᠷᠭᠡ ᠠᠵᠤ ᠠᠬᠤᠶᠢᠯᠠᠯ ᠤᠨ ᠡᠷᠬᠢᠨ ᠲᠣᠭᠤᠷᠢᠨ ᠤ ᠣᠷᠣᠨ ᠪᠦᠰᠡ ᠲᠠᠢ ᠬᠠᠩᠭᠠᠯᠭ᠎ᠠ ᠬᠡᠷᠡᠭᠴᠡᠭᠡ ᠶᠢᠨ ᠵᠣᠯᠭᠠᠯᠴᠠᠭ᠎ᠠ ᠬᠢᠬᠦ ᠶᠢ ᠭᠤᠣᠯᠳᠠᠯᠭ᠎ᠠ ᠲᠠᠢ ᠲᠡᠳᠬᠦᠵᠦ᠂ ᠠᠵᠤ ᠠᠬᠤᠶᠢᠯᠠᠯ ᠤᠨ ᠵᠠᠬᠢᠶᠠᠯᠠᠭ᠎ᠠ ᠶᠢᠨ ᠵᠠᠮ ᠤᠯᠬᠤ ᠶᠢ ᠲᠠᠰᠤᠷᠠᠯᠲᠠ ᠦᠭᠡᠢ ᠥᠷᠭᠡᠳᠬᠡᠨ᠎ᠡ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠤᠴᠢᠷ ᠦᠭᠡᠢ ᠪᠣᠯ ᠬᠠᠷᠰᠢᠯᠠᠬᠤ ᠦᠭᠡᠢ᠂ ᠬᠡᠷᠡᠭᠴᠡᠭᠡ ᠲᠠᠢ ᠪᠣᠯ ᠵᠠᠪᠠᠯ ᠬᠦᠷᠬᠦ ᠬᠡᠷᠡᠭᠲᠡᠶ᠃
640 (3).png   
    ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠨ᠎ᠡ᠃ ᠳᠡᠭᠡᠳᠦ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠮᠥᠩᠭᠦ ᠶᠢᠨ ᠳᠡᠮᠵᠢᠯᠭᠡ ᠶᠢ ᠶᠡᠬᠡᠪᠡᠷ ᠣᠯᠵᠤ᠂ ᠲᠤᠭᠤᠷᠢᠭ ᠤᠨ ᠲᠣᠰ ᠱᠠᠲᠤᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ 2200 ᠲᠦᠮᠡᠨ ᠲᠥᠭᠦᠷᠢᠭ ᠳᠣᠭᠢᠷᠠᠭᠤᠯᠵᠤ᠂ ᠡᠯ᠎ᠡ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ ᠠᠺᠠᠳᠧᠮᠢᠴᠢ ᠶᠢᠨ ᠠᠵᠢᠯᠯᠠᠬᠤ ᠦᠷᠲᠡᠭᠡ ᠳᠤ ᠡᠷᠦᠬᠡ ᠠᠮᠠ ᠣᠷᠣᠬᠤ᠂ ᠵᠦᠩ ᠭᠤᠸᠠᠨ ᠼᠦᠨ ᠤ ᠠᠵᠤ ᠦᠢᠯᠡᠰ ᠤᠨ ᠬᠦᠭᠵᠢᠯᠲᠡ ᠶᠢᠨ ᠪᠦᠯᠦᠭᠯᠡᠯ ᠢ ᠲᠠᠲᠠᠨ ᠣᠷᠤᠭᠤᠯᠬᠤ ᠪᠠᠷ ᠢᠳᠡᠪᠬᠢᠲᠡᠢ ᠴᠢᠷᠮᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠲᠠᠲᠠᠨ ᠣᠷᠣᠭᠤᠯᠤᠨ᠎ᠠ︔ ᠴᠢᠩ ᠲᠣᠣ᠂ ᠢ ᠮᠦ ᠵᠡᠷᠭᠡ 4 ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠴᠢᠩ ᠲᠤᠤ ᠦᠪᠡᠷᠲᠡᠭᠡᠨ ᠵᠠᠰᠠᠬᠤ ᠣᠷᠣᠨ ᠤ ︽ᠲᠤᠩᠬᠠᠭ ᠨᠡᠶᠢᠲᠡᠯᠡᠨ ᠮᠠᠩᠯᠠᠶᠢᠯᠠᠭᠤᠯᠬᠤ︾ ᠲᠦᠷᠦᠯ ᠵᠦᠢᠯ ᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 15 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ︽ᠬᠤᠲᠠ ᠶᠢᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ + ᠡᠷᠭᠢᠨ ᠲᠣᠭᠤᠷᠢᠨ ᠤ ᠠᠵᠤ ᠦᠢᠯᠡᠳᠪᠦᠷᠢ ᠶᠢᠨ ᠬᠦᠷᠢᠶᠡᠯᠡᠩ︾ ᠤᠨ ᠬᠦᠭᠵᠢᠯᠲᠡ ᠶᠢᠨ ᠰᠢᠨ᠎ᠡ ᠪᠠᠶᠢᠷᠢᠰᠢᠯ ᠢ ᠪᠣᠢ ᠪᠣᠯᠭᠠᠨ᠎ᠠ᠃ ᠣᠲᠣ ᠶᠢᠨ ᠪᠠᠶᠢᠭ᠎ᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠥᠷᠥᠯ ᠵᠦᠢᠯ ᠳᠤ ᠲᠦᠰᠢᠭᠯᠡᠨ᠂ ᠰᠦᠷ ᠳᠠᠯᠠᠶᠢᠴᠠᠲᠠᠶ ᠰᠦᠷᠦᠭᠵᠢᠵᠦ᠂ ᠴᠢᠳᠠᠪᠤᠷᠢᠲᠠᠨ ᠣᠷᠣᠭᠤᠯᠤᠨ ᠠᠪᠴᠢᠷᠠᠵᠤ᠂ ᠣᠶᠤᠨ ᠤᠬᠠᠭᠠᠨ ᠣᠷᠣᠭᠤᠯᠤᠨ ᠠᠪᠴᠢᠷᠠᠵᠤ᠂ ᠣᠷᠣᠨ ᠰᠠᠭᠤᠴᠠ᠂ ᠡᠪᠡᠳᠴᠢᠨ ᠦᠵᠡᠭᠦᠯᠬᠦ᠂ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ ᠵᠡᠷᠭᠡ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠢᠳᠠᠪᠤᠷᠢᠲᠠᠨ ᠢ ᠦᠯᠡᠳᠡᠭᠡᠵᠦ ᠳᠡᠶᠢᠯᠬᠦ᠂ ᠨᠢᠭᠡ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠨᠢᠭᠡ ᠠᠵᠤ ᠠᠬᠤᠶᠢᠯᠠᠯ ᠢ ᠲᠥᠪᠯᠡᠷᠡᠭᠦᠯᠬᠦ ᠶᠢ ᠪᠡᠶᠡᠯᠡᠭᠦᠯᠵᠦ᠂ ᠨᠢᠭᠡ ᠠᠵᠤ ᠠᠬᠤᠶᠢᠯᠠᠯ ᠢ ᠪᠤᠶᠢᠵᠢᠭᠤᠯᠵᠤ᠂ ᠨᠢᠭᠡ ᠠᠵᠤ ᠦᠢᠯᠡᠰ ᠢ ᠳᠠᠶᠢᠴᠢᠯᠠᠨ᠎ᠠ᠃
640 (4).png       
    ᠭᠠᠳᠠᠭᠰᠢ ᠨᠡᠭᠡᠭᠡᠯᠲᠡ ᠬᠢᠬᠦ ᠶᠢ ᠲᠠᠰᠤᠷᠠᠯᠲᠠ ᠦᠭᠡᠢ ᠥᠷᠭᠡᠳᠬᠡᠨ᠎ᠡ᠃ ︽ᠬᠢᠯᠢ ᠶᠢᠨ ᠪᠣᠭᠤᠮᠲᠠ +ᠳᠣᠲᠣᠷ᠎ᠠ ᠭᠠᠵᠠᠷ︾ ᠤᠨ ᠬᠤᠯᠪᠣᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠵᠦ᠂ ᠨᠡᠭᠦᠷᠡᠰᠦᠨ ᠤ ᠪᠠᠷᠠᠭᠠᠨ ᠤ ᠭᠦᠢᠯᠭᠡᠭᠡ ᠶᠢ ᠨᠢᠭᠡ ᠴᠣᠭᠴᠠᠵᠢᠭᠤᠯᠤᠨ ᠡᠵᠡᠩᠨᠡᠬᠦ ᠰᠢᠰᠲ᠋ᠧᠮᠵᠢ ᠶᠢ ᠪᠠᠶᠢᠭᠤᠯᠤᠨ᠂ ᠭᠠᠳᠠᠨᠠᠬᠢ ᠣᠷᠣᠨ ᠪᠦᠰᠡ ᠶᠢᠨ ᠨᠡᠭᠦᠷᠡᠰᠦ ᠶᠢ ᠣᠷᠣᠭᠤᠯᠤᠨ ᠠᠪᠴᠢᠷᠠᠬᠤ ᠠᠷᠭ᠎ᠠ ᠵᠠᠮ ᠢ ᠥᠷᠭᠡᠳᠬᠡᠨ᠎ᠡ᠃ ᠵᠢᠶᠠᠨ ᠯᠦᠩ ᠤᠨ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠸᠠᠨ ᠲᠧᠩ ᠵᠡᠷᠭᠡ ᠬᠥᠲᠥᠴᠢ ᠠᠵᠤ ᠠᠬᠤᠶᠢᠯᠠᠯ ᠳᠤ ᠮᠥᠷᠳᠡᠨ ᠦᠢᠯᠡᠴᠢᠯᠡᠵᠦ᠂ ᠭᠠᠳᠠᠭᠠᠳᠤ ᠶᠢᠨ ᠬᠤᠳᠠᠯᠳᠤᠭᠠᠴᠢᠨ ᠤ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ ᠪᠡᠯᠡ ᠣᠷᠣᠭᠤᠯᠤᠨ᠂ ᠠᠩᠬᠠᠳᠠᠭᠴᠢ ᠬᠢᠯᠢ ᠠᠯᠤᠰᠯᠠᠭᠰᠠᠨ ᠬᠤᠳᠠᠯᠳᠤᠭᠠᠨ ᠤ ᠡᠷᠦᠬᠡ ᠠᠮᠠ ᠣᠷᠣᠭᠤᠯᠬᠤ ᠪᠠᠷ ᠴᠢᠷᠮᠠᠶᠢᠵᠤ᠂ ᠭᠠᠳᠠᠭᠠᠳᠤ ᠠᠷᠠᠯᠵᠢᠶᠠᠨ ᠤ ᠲᠤᠭ᠎ᠠ ᠶᠢᠨ ᠦᠷᠭᠦᠯᠵᠢᠯᠡᠨ ᠨᠡᠮᠡᠭᠳᠡᠬᠦ ᠶᠢ ᠦᠨᠡᠨᠬᠦ ᠪᠠᠲᠤᠯᠠᠨ᠎ᠠ᠃
640 (5).png   
    ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯ ᠨᠡᠶᠢᠭᠡᠮ ᠤᠨ ᠳᠠᠪᠰᠢᠯᠲᠠ ᠶᠢ ᠠᠬᠢᠭᠤᠯᠬᠤ ᠵᠠᠩᠭᠢᠯᠠᠭ᠎ᠠ ᠪᠣᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠨᠡᠭᠡᠭᠡᠯᠲᠡᠲᠦ ᠣᠪᠣᠷ ᠪᠠᠶᠢᠳᠠᠯ᠂ ᠰᠢᠨ᠎ᠡ ᠶᠢ ᠡᠭᠦᠳᠬᠦ ᠰᠡᠳᠬᠢᠬᠦᠢ᠂ ᠪᠣᠳᠠᠲᠠᠢ ᠶᠢ ᠡᠷᠬᠢᠮᠯᠡᠬᠦ ᠠᠵᠢᠯᠯᠠᠭ᠎ᠠ ᠪᠠᠷ ᠰᠢᠨ᠎ᠡ ᠴᠠᠭ ᠦᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠬᠡᠪ ᠳᠠᠭᠤᠷᠢᠶᠠᠯ ᠪᠣᠯᠬᠤ ᠪᠠᠷ ᠴᠢᠷᠮᠠᠶᠢᠵᠤ᠂ ᠠᠷᠠᠳ ᠤᠯᠠᠨ ᠢ ᠥᠭᠡᠷᠡᠴᠢᠯᠡᠯᠲᠡ ᠬᠥᠭᠵᠢᠯᠲᠡ ᠶᠢᠨ ᠳᠤᠮᠳᠠ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠢ ᠪᠣᠯᠭᠠᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号