1 ᠰᠠᠷ᠎ᠠ ᠶᠢᠨ 3 ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ︽ᠬᠤᠶᠠᠷ ᠬᠤᠷᠠᠯ︾ ᠤᠨ ᠨᠠᠮ ᠤᠨ | ᠭᠡᠰᠢᠭᠦᠨ ᠤ ᠶᠡᠭᠡ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠵᠠᠢ᠃ | ᠭᠦᠸᠧ ᠢ ᠵᠢᠶᠧ ᠬᠡᠯᠡᠬᠦ ᠳᠡᠭᠡᠨ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ | ᠬᠥᠭᠵᠢᠯᠲᠡ ᠶᠢᠨ ᠲᠥᠯᠥᠪᠵᠢᠭᠦᠯᠭᠡ ᠶᠢᠨ ᠵᠢᠯ ᠮᠥᠨ᠃ ᠡᠨᠡ ᠤᠳᠠᠭ᠎ᠠ ᠶᠢᠨ ︽ᠬᠤᠶᠠᠷ ᠬᠤᠷᠠᠯ︾ ᠢ ᠰᠠᠶᠢᠲᠤᠷ | ᠬᠢᠬᠦ ᠨᠢ ᠪᠦᠬᠦ ᠲᠤᠭᠤᠷᠢᠭ ᠤᠨ ᠳᠠᠶᠠᠭᠠᠷ ᠢᠶᠠᠨ ᠰᠡᠳᠬᠢᠯ ᠨᠢᠭᠡᠳᠦᠨ ᠴᠢᠭᠯᠡᠯ ᠢᠶᠠᠨ ᠨᠢᠭᠡᠳᠬᠡᠵᠦ᠂ ᠦᠨᠡᠨ ᠬᠦ | ᠠᠳᠬᠤᠨ ᠪᠣᠳᠠᠲᠠᠢ ᠠᠵᠢᠯᠯᠠᠵᠤ᠂ ᠮᠠᠨ ᠤ ᠲᠤᠭᠤᠷᠢᠭ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ | ᠬᠥᠭᠵᠢᠬᠦ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠬᠠᠶᠢᠷᠤᠪ ᠤᠨ ᠲᠤᠬᠤᠢ | ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠢᠭᠡ | ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠬᠠᠮᠤᠭ ᠤᠨ ᠴᠢᠳᠠᠮᠠᠭᠠᠢ ᠤᠬᠠᠮᠰᠠᠷ ᠢᠶᠠᠨ ᠴᠢᠩᠭᠠᠳᠬᠠᠵᠤ᠂ ︽ᠭᠤᠷᠪᠠ ᠶᠢ | ᠤᠷᠢᠳ ᠢᠶᠠᠷ ᠬᠢᠬᠦ︾ ᠪᠠᠷ ᠵᠢᠯᠤᠭᠤᠳᠤᠯᠭ᠎ᠠ ᠪᠣᠯᠭᠠᠵᠤ᠂ ︽ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ | ᠤᠷᠤᠬᠤ︾ ᠬᠠᠷᠠᠯᠲᠠ ᠶᠢ ᠲᠣᠭᠲᠠᠭᠠᠵᠤ᠂ ︽ᠬᠠᠷᠠᠯᠲᠠ ᠪᠠᠨ ᠲᠣᠭᠲᠠᠭᠠᠵᠤ᠂ ᠬᠦᠴᠢᠷ ᠢ ᠰᠦᠷᠦᠨ ᠤᠷᠤᠭᠰᠢᠯᠠᠵᠤ᠂ | ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ︾ | ᠠᠵᠢᠯ ᠤᠨ ᠱᠠᠭᠠᠷᠳᠠᠯᠭ᠎ᠠ ᠶᠣᠰᠣᠭᠠᠷ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ | ᠰᠢᠨᠵᠢᠯᠡᠬᠦ ᠤᠬᠠᠭᠠᠨᠴᠢ ᠬᠥᠭᠵᠢᠯᠲᠡ᠂ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃ | ᠭᠦᠸᠧ ᠢ ᠵᠢᠶᠧ ᠬᠡᠯᠡᠭᠰᠡᠨ ᠨᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠠᠴᠠ ᠡᠨᠡ | ᠤᠳᠠᠭ᠎ᠠ ᠶᠢᠨ ᠨᠠᠮ ᠤᠨ ᠭᠡᠰᠢᠭᠦᠨ ᠤ ᠬᠤᠷᠠᠯ ᠢ ᠬᠤᠷᠠᠯᠳᠤᠭᠤᠯᠬᠤ ᠪᠠᠷ ᠲᠣᠭᠲᠠᠭᠠᠭᠰᠠᠨ ᠤ ᠵᠣᠷᠢᠯᠭ᠎ᠠ ᠪᠣᠯ ᠳᠠᠷᠤᠢ | ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠠᠵᠢᠯ ᠤᠨ ᠰᠠᠬᠢᠯᠭ᠎ᠠ | ᠪᠠᠲᠤ ᠶᠢ ᠴᠢᠩᠳᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠳᠠᠪᠠᠭᠤᠯᠢᠭ ᠪᠣᠯᠤᠨ | ᠨᠠᠮ ᠤᠨ ᠭᠡᠰᠢᠭᠦᠨ ᠤ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ ᠶᠤᠮ᠃ | ᠡᠯ᠎ᠡ ᠨᠠᠮ ᠤᠨ ᠭᠡᠰᠢᠭᠦᠨ ᠲᠥᠯᠥᠭᠡᠯᠡᠭᠴᠢ᠂ ᠨᠠᠮ ᠤᠨ ᠭᠡᠰᠢᠭᠦᠨ ᠭᠡᠰᠢᠭᠦᠳ ᠬᠥᠭᠵᠢᠯᠲᠡ ᠶᠢᠨ ᠦᠨᠳᠦᠷᠴᠡ ᠪᠣᠯᠤᠨ | ᠪᠦᠬᠦ ᠲᠠᠯ᠎ᠠ ᠶᠢᠨ ᠬᠠᠷᠠᠭᠠᠰᠤ ᠠᠴᠠ ᠡᠨᠡ ᠤᠳᠠᠭ᠎ᠠ ᠶᠢᠨ ︽ᠬᠤᠶᠠᠷ ᠬᠤᠷᠠᠯ︾ ᠤᠨ ᠴᠢᠬᠤᠯᠠ ᠠᠴᠢ ᠬᠤᠯᠪᠣᠭᠳᠠᠯ ᠢ | ᠭᠦᠢᠴᠡᠳ ᠲᠠᠨᠢᠵᠤ᠂ ᠨᠠᠮ ᠤᠨ ᠦᠢᠯᠡᠰ ᠲᠤ ᠬᠠᠷᠢᠭᠤᠴᠠᠬᠤ᠂ ᠠᠷᠠᠳ ᠤᠯᠠᠨ ᠳᠤ ᠬᠠᠷᠢᠭᠤᠴᠠᠬᠤ᠂ ᠬᠠᠶᠢᠷᠤᠪ ᠤᠨ | ᠲᠤᠬᠤᠢ ᠲᠣᠭᠤᠷᠢᠭ ᠤᠨ ᠠᠯᠤᠰ ᠬᠡᠳᠤ ᠶᠢᠨ ᠬᠥᠭᠵᠢᠯᠲᠡ ᠳᠤ ᠬᠠᠷᠢᠭᠤᠴᠠᠬᠤ ᠣᠪᠣᠷ ᠢᠶᠠᠷ ᠪᠤᠰᠤᠳ ᠲᠥᠯᠥᠭᠡᠯᠡᠭᠴᠢ᠂ | ᠭᠡᠰᠢᠭᠦᠳ ᠤᠨ ᠢᠲᠡᠭᠡᠯ ᠵᠣᠷᠢᠭ ᠢᠶᠠᠨ ᠨᠡᠮᠡᠭᠳᠡᠭᠦᠯᠬᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠶᠢ ᠬᠦᠳᠦᠯᠦᠨ | ᠵᠢᠯᠣᠭᠤᠳᠬᠤ ᠬᠡᠷᠡᠭᠲᠡᠢ︔ ᠲᠤᠭᠤᠷᠢᠭ ᠤᠨ ᠨᠠᠮ ᠤᠨ ᠬᠤᠷᠢᠶᠠᠨ ᠤ ᠡᠨᠡ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ | ᠥᠷᠭᠡᠨ ᠤᠯᠠᠨ ᠲᠥᠯᠥᠭᠡᠯᠡᠭᠴᠢ ᠭᠡᠰᠢᠭᠦᠳ ᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠶᠢᠷᠤᠪ ᠤᠨ | ᠲᠤᠬᠤᠢ ᠶᠢᠨ ᠶᠠᠪᠤᠳᠠᠯ ᠢ ᠬᠠᠮᠲᠤᠪᠠᠷ ᠰᠠᠶᠢᠲᠤᠷ ᠬᠢᠬᠦ ᠶᠢ ᠬᠦᠳᠦᠯᠦᠨ ᠵᠢᠯᠣᠭᠤᠳᠬᠤ ᠬᠡᠷᠡᠭᠲᠡᠢ︔ ᠶᠡᠭᠡ ᠬᠤᠷᠠᠯ ᠤᠨ | ᠡᠳᠦᠷ ᠤᠨ ᠳᠠᠷᠠᠭᠠᠯᠠᠯ ᠤᠨ ᠲᠤᠬᠢᠷᠠᠭᠤᠯᠤᠯᠳᠠ ᠪᠣᠯᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠲᠦᠷᠦᠭᠦᠯᠡᠨ | ᠵᠢᠷᠤᠮᠯᠠᠵᠤ᠂ ᠰᠠᠨᠠᠭᠠᠴᠢᠯᠠᠭ᠎ᠠ ᠠᠴᠠ ᠪᠠᠨ ᠲᠤᠬᠢᠷᠠᠭᠤᠯᠤᠯᠳᠠ ᠶᠢ ᠳᠠᠭᠠᠵᠤ᠂ ᠵᠣᠬᠢᠶᠠᠨ ᠪᠠᠶᠢᠭᠤᠯᠤᠯᠲᠠ ᠶᠢᠨ | ᠬᠢᠨᠠᠯᠲᠠ ᠶᠢ ᠬᠦᠯᠢᠶᠡᠵᠦ᠂ ᠵᠢᠭᠠᠪᠤᠷᠢ ᠠᠪᠴᠤ ᠮᠡᠳᠡᠭᠦᠯᠬᠦ ᠲᠦᠷᠢᠮ ᠢ ᠴᠢᠩᠭ᠎ᠠ ᠵᠢᠷᠤᠮᠯᠠᠵᠤ᠂ ᠡᠯ᠎ᠡ ᠵᠦᠢᠯ ᠤᠨ | ᠬᠤᠷᠠᠯ ᠤᠨ ᠠᠵᠢᠯᠯᠠᠭ᠎ᠠ ᠳᠤ ᠴᠠᠭ ᠲᠤᠬᠠᠢ ᠳᠤᠨᠢ ᠣᠷᠣᠯᠴᠠᠵᠤ᠂ ᠨᠠᠮ ᠤᠨ ᠭᠡᠰᠢᠭᠦᠨ ᠤ ᠰᠠᠶᠢᠨ ᠰᠠᠶᠢᠬᠠᠨ ᠲᠦᠷᠢ | ᠲᠥᠷᠬᠦ ᠶᠢ ᠰᠠᠶᠢᠲᠤᠷ ᠬᠠᠮᠠᠭᠠᠯᠠᠵᠤ᠂ ᠶᠡᠭᠡ ᠬᠤᠷᠠᠯ ᠤᠨ ᠰᠤᠷᠲᠠᠯ ᠴᠢᠬᠡᠴᠢ ᠣᠪᠣᠷ ᠲᠥᠪ ᠪᠠᠶᠢᠬᠤ᠂ ᠡᠶ᠎ᠡ | ᠵᠣᠬᠢᠴᠠᠩᠭᠤᠢ ᠡᠮᠬᠢ ᠳᠢᠭᠯᠢᠮ ᠲᠠᠢ ᠪᠠᠶᠢᠬᠤ ᠶᠢ ᠪᠠᠲᠤᠯᠠᠵᠤ᠂ ᠠᠷᠠᠳᠴᠢᠯᠠᠯ ᠢᠶᠠᠷ ᠪᠣᠳᠠᠲᠠᠢ ᠶᠢ ᠡᠷᠬᠢᠮᠯᠡᠬᠦ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ᠂ ᠪᠦᠯᠬᠦᠮᠳᠡᠨ ᠤᠷᠤᠭᠰᠢᠯᠠᠬᠤ ᠰᠠᠶᠢᠨ ᠰᠠᠶᠢᠬᠠᠨ ᠦᠷ᠎ᠡ | ᠪᠦᠲᠦᠮᠵᠢ ᠤᠯᠬᠤ ᠶᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ | ᠲᠤᠬᠤᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠰᠦᠷ ᠳᠠᠯᠠᠶᠢᠴᠠᠲᠠᠢ ᠬᠦᠴᠦᠨ ᠴᠢᠳᠠᠯ ᠢ | ᠨᠢᠭᠲᠠᠷᠠᠭᠤᠯᠬᠤ ᠬᠡᠷᠡᠭᠲᠡᠢ ᠭᠡᠪᠡ︕ |