ᠡᠨᠡ ᠨᠢᠭᠡ ᠵᠢᠯ︕ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠲᠤᠰᠢᠶᠠᠯ ᠬᠠᠷᠢᠭᠤᠴᠠᠯᠭ᠎ᠠ ᠪᠠᠨ ᠴᠢᠨᠠᠷ ᠰᠠᠶᠢᠲᠠᠢ  ᠭᠦᠢᠴᠡᠤᠡᠭᠡᠭᠰᠡᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠪᠡ
ᠨᠡᠶᠢᠲᠡᠯᠡᠭᠰᠡᠨ ᠴᠠᠭ᠄
2025/1/6
    ᠥᠩᠭᠡᠷᠡᠭᠰᠡᠨ ᠨᠢᠭᠡ ᠵᠢᠯ ᠳᠤ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠶᠢᠷᠤᠪ ᠤᠨ ᠲᠤᠬᠤᠢ ᠲᠣᠭᠤᠷᠢᠭ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠬ ᠰᠠᠨᠠᠭ᠎ᠠ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠪᠦᠬᠦ ᠲᠤᠭᠤᠷᠢᠭ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠵᠡᠷᠭᠡ ᠲᠠᠯ᠎ᠠ ᠪᠠᠷ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠦᠢᠯᠡᠳᠦᠯᠭᠡ ᠶᠢ ᠠᠬᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠵᠦ᠂ ᠲᠤᠰᠢᠶᠠᠯ ᠬᠠᠷᠢᠭᠤᠴᠠᠯᠭ᠎ᠠ ᠪᠠᠨ ᠭᠢᠯᠠᠯᠵᠠᠭᠰᠠᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠪᠡ᠃    ᠤᠯᠤᠰ ᠲᠥᠷᠥ ᠶᠢᠨ ᠴᠢᠭᠯᠡᠯ ᠢ ᠪᠠᠲᠤ ᠡᠵᠡᠮᠰᠢᠵᠤ᠂ ᠦᠵᠡᠯ ᠰᠠᠨᠠᠭᠠᠨ ᠤ ᠰᠠᠭᠤᠷᠢ ᠪᠠᠨ ᠪᠠᠳᠤᠤᠡᠬᠠᠪᠠ    ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠢᠮᠠᠭᠲᠠ ᠨᠠᠮ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠴᠢᠬᠤᠯᠠ ᠶᠡᠭᠡ ᠬᠡᠷᠡᠭ ᠶᠠᠪᠤᠳᠠᠯ ᠤᠨ ᠲᠤᠬᠠᠢ ᠵᠢᠭᠠᠪᠤᠷᠢ ᠠᠪᠴᠤ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠵᠥᠪᠰᠢᠶᠡᠷᠡᠭᠰᠡᠨ ᠡᠯ᠎ᠡ ᠲᠦᠷᠦᠯ ᠤᠨ ᠵᠥᠪᠯᠡᠯᠭᠡ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠭᠤᠣᠯ ᠤᠳᠤᠷᠢᠳᠤᠯᠭ᠎ᠠ ᠶᠢᠨ ᠴᠡᠭ ᠲᠣᠭᠲᠠᠭᠠᠨ ᠵᠥᠪᠳᠡᠯᠴᠡᠬᠦ ᠶᠢ ᠴᠢᠨᠠᠷ ᠰᠠᠶᠢᠲᠠᠢ ᠪᠡᠶᠡᠯᠡᠭᠦᠯᠪᠡ᠃ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ︽ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ︾ ᠵᠠᠩᠭᠢᠯᠠᠭ᠎ᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠴᠢᠬᠤᠯᠠ ᠪᠢᠴᠢᠭ ᠮᠠᠲ᠋ᠧᠷᠢᠶᠠᠯ ᠪᠣᠯᠤᠨ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠣᠨᠣᠴᠠᠲᠠᠢ ᠤᠯᠠᠮᠵᠢᠯᠠᠨ ᠲᠤᠭᠤᠰᠢᠯᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠵᠥᠪ ᠤᠯᠤᠰ ᠲᠦᠷᠦ ᠶᠢᠨ ᠴᠢᠭᠯᠡᠯ ᠢᠶᠠᠷ ᠯᠠᠪᠳᠠᠭᠤᠨ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠪᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠤ ᠳᠠᠷᠠᠭ᠎ᠠ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠬᠤᠷᠠᠯ ᠬᠤᠷᠠᠯᠳᠤᠭᠤᠯᠵᠤ ᠰᠤᠳᠤᠯᠤᠨ ᠪᠠᠶᠢᠷᠢᠯᠠᠭᠤᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠲᠤᠭᠤᠷᠢᠭ ᠤᠨ ᠨᠠᠮ ᠤᠨ ᠬᠤᠷᠢᠶ᠎ᠠ ᠲᠠᠢ ᠰᠡᠳᠬᠢᠯ ᠨᠢᠭᠡᠳᠦᠨ ᠬᠠᠮᠲᠤ ᠪᠠᠷ ᠤᠷᠤᠭᠰᠢᠯᠠᠬᠤ ᠤᠯᠤᠰ ᠲᠦᠷᠦ ᠶᠢᠨ ᠡᠭᠦᠷᠭᠡᠯᠡᠯ ᠢ ᠦᠢᠯᠡᠳᠦᠯᠭᠡᠵᠢᠭᠦᠯᠪᠡ᠃    ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ︽ᠨᠢᠭᠡᠳᠦᠭᠡᠷ ᠵᠥᠪᠯᠡᠬᠦ ᠰᠡᠳᠦᠪ︾᠎ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠢᠭᠲᠠ ᠮᠥᠷᠳᠡᠨ ᠰᠤᠷᠤᠯᠴᠠᠪᠠ︔ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾᠂ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ︾ ᠵᠡᠷᠭᠡ ᠴᠢᠬᠤᠯᠠ ᠭᠤᠣᠯ ᠰᠡᠳᠦᠪ ᠤᠨ ᠲᠣᠭᠤᠷᠢᠨ ᠳᠤ᠂ ᠰᠤᠳᠤᠯᠤᠨ ᠶᠠᠷᠢᠯᠴᠠᠵᠤ ᠰᠣᠯᠢᠯᠴᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠪᠣᠯᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠳᠤ ᠭᠦᠨᠵᠡᠭᠡᠶᠢᠷᠡᠨ ᠨᠠᠮ ᠤᠨ ᠬᠢᠴᠢᠶᠡᠯ ᠣᠷᠣᠵᠤ᠂ ᠪᠦᠬᠦ ᠭᠡᠰᠢᠭᠦᠳ ᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠥᠷᠭᠡᠨ ᠢᠶᠠᠷ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠰᠦᠯᠵᠢᠶᠡᠨ ᠳᠡᠭᠡᠷ᠎ᠡ ᠨᠠᠮ ᠤᠨ ᠲᠥᠪ ᠬᠤᠷᠢᠶᠠᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠬᠦᠷᠭᠡᠬᠦ ᠪᠠᠷ ᠳᠠᠮᠵᠢᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠲᠦᠷᠦᠭᠦᠯᠡᠨ ᠬᠢᠬᠦ᠂ ᠨᠠᠮ ᠤᠨ ᠳᠣᠲᠣᠭᠠᠳᠤ ᠳᠤ ᠳᠠᠶᠢᠴᠢᠯᠠᠬᠤ᠂ ᠪᠦᠬᠦ ᠭᠡᠰᠢᠭᠦᠳ ᠢ ᠬᠠᠮᠤᠷᠬᠤ ᠪᠦᠬᠦ ᠲᠠᠯ᠎ᠠ ᠪᠠᠷ ᠰᠤᠷᠤᠯᠴᠠᠬᠤ ᠪᠠᠶᠢᠷᠢᠰᠢᠯ ᠢ ᠪᠠᠶᠢᠭᠤᠯᠵᠤ᠂ ᠨᠢᠭᠡ ᠰᠡᠳᠬᠢᠯ ᠢᠶᠠᠷ ᠨᠠᠮ ᠳᠠᠭᠠᠨ ᠬᠠᠨᠳᠤᠵᠤ᠂ ᠥᠭᠡᠳᠡᠯᠡᠨ ᠲᠠᠪᠰᠢᠬᠤ ᠪᠠᠷ ᠬᠦᠴᠦᠯᠡᠨ ᠴᠢᠷᠮᠠᠶᠢᠬᠤ ᠬᠦᠴᠦᠷᠬᠡᠭ ᠶᠡᠭᠡ ᠤᠶᠤᠨ ᠰᠠᠨᠠᠭᠠᠨ ᠤ ᠬᠠᠮᠲᠤᠷᠠᠯ ᠤᠨ ᠬᠦᠴᠦᠨ ᠢ ᠨᠢᠭᠲᠠᠷᠠᠭᠤᠯᠪᠠ᠃    ᠨᠠᠮ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠲᠦᠷᠦᠭᠦᠯᠡᠨ ᠨᠠᠮ ᠤᠨ ᠭᠠᠳᠠᠨᠠᠬᠢ ᠭᠡᠰᠢᠭᠦᠳ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠤᠯᠤᠰ ᠲᠦᠷᠦ ᠶᠢᠨ ᠵᠥᠪᠯᠡᠯᠭᠡᠨ ᠤ ᠴᠢᠬᠤᠯᠠ ᠶᠡᠭᠡ ᠠᠵᠢᠯᠯᠠᠭ᠎ᠠ ᠳᠤᠮᠳᠠ ᠴᠠᠭ ᠲᠤᠬᠠᠢ ᠳᠤᠨᠢ ᠲᠦᠷ ᠴᠠᠭ ᠤᠨ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠵᠤ᠂ ︽ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ - ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ - ᠪᠠᠶᠢᠭᠤᠯᠭ᠎ᠠ ᠶᠢᠨ ᠨᠠᠮ ᠤᠨ ᠡᠭᠦᠷ- ᠨᠠᠮ ᠤᠨ ᠭᠡᠰᠢᠭᠦᠨ ᠭᠡᠰᠢᠭᠦᠨ - ᠨᠠᠮ ᠤᠨ ᠭᠠᠳᠠᠨᠠᠬᠢ ᠭᠡᠰᠢᠭᠦᠨ︾ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠰᠲ᠋ᠧᠮ ᠢ ᠤᠯᠠᠮ ᠴᠢᠨᠠᠭᠰᠢᠳᠠ ᠪᠠᠬᠢᠵᠢᠭᠦᠯᠦᠨ ᠴᠢᠩᠭᠠᠳᠬᠠᠪᠠ︔ ᠨᠣᠮ ᠤᠩᠰᠢᠬᠤ ᠠᠩᠬᠢ ᠶᠢᠨ ᠤᠭ ᠵᠣᠬᠢᠶᠠᠯ ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠤᠨᠤᠯ ᠤᠨ ᠰᠤᠳᠤᠯᠤᠨ ᠶᠠᠷᠢᠯᠴᠠᠭ᠎ᠠ ᠥᠷᠨᠢᠭᠦᠯᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠠᠷᠢᠯᠴᠠᠬᠤ ᠴᠡᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠤᠭᠤᠳᠪᠠ᠂ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠨᠡᠨ ᠬᠦ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ᠂ ᠨᠠᠮᠴᠢ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠦᠨᠵᠡᠭᠡᠶᠢᠷᠡᠨ ᠬᠥᠭᠵᠢᠬᠦ ᠶᠢ ᠬᠦᠴᠦᠲᠡᠢ ᠠᠬᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ ᠥᠭᠪᠡ᠃     ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ ᠬᠥᠭᠵᠢᠯᠲᠡ ᠶᠢᠨ ᠶᠡᠭᠡ ᠲᠠᠯ᠎ᠠ ᠳᠤ ᠤᠶᠢᠯᠡᠴᠢᠯᠡᠪᠡ     ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠨᠠᠮ ᠪᠣᠯᠤᠨ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ︽︿ᠭᠤᠷᠪᠠᠨ ᠤᠮᠠᠷᠠᠲᠤ﹀᠎ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ︾ ᠰᠡᠳᠦᠪ ᠤᠨ ᠲᠤᠬᠠᠢ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠢ ᠪᠠᠶᠢᠩᠭᠤ ᠶᠢᠨ ᠬᠤᠷᠢᠶ᠎ᠠ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠭᠦᠢᠴᠡᠳ ᠵᠥᠪᠳᠡᠯᠴᠡᠵᠦ᠂ ︽ᠵᠠᠰᠠᠭ ᠤᠨ ᠣᠷᠳᠣᠨ ᠪᠣᠯᠤᠨ ᠵᠠᠬ᠎ᠠ ᠳᠡᠯᠭᠡᠭᠦᠷ ᠤᠨ ᠬᠤᠶᠠᠷ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ︾᠂ ︽ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠬᠤ︾ ᠵᠡᠷᠭᠡ 11 ᠵᠤᠷᠪᠤᠰ ᠬᠠᠨᠳᠤᠯᠭᠠᠲᠤ ᠴᠢᠨᠠᠷ ᠪᠣᠯᠤᠨ ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠶᠢ ᠳᠤᠷᠠᠳᠴᠤ᠂ ᠬᠠᠶᠢᠷᠤᠪ ᠤᠨ ᠲᠤᠬᠤᠢ ᠲᠣᠭᠤᠷᠢᠭ ᠤᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠳᠤ ᠳᠤᠷᠠᠳᠤᠭᠰᠠᠨ ︽ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠬᠦ︾ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠳᠠ ᠶᠢᠨ ᠰᠠᠭᠤᠷᠢ ᠶᠢ ᠰᠢᠨᠡᠳᠬᠡᠬᠦ ᠶᠢ ᠲᠡᠭᠦᠯᠳᠡᠷᠵᠢᠭᠦᠯᠬᠦ᠂ ᠬᠤᠳᠠ ᠶᠢᠨ ᠴᠢᠳᠠᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠬᠦ︾ ᠵᠡᠷᠭᠡ 10 ᠭᠠᠷᠤᠢ ᠰᠠᠨᠠᠭᠤᠯᠭ᠎ᠠ ᠶᠢ ᠬᠦᠯᠢᠶᠡᠨ ᠠᠪᠬᠤ ᠪᠠ ᠲᠤᠰᠬᠠᠪᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢᠨ ᠲᠣᠭᠤᠷᠢᠨ ᠳᠤ᠂ ︽ᠦᠵᠦᠮ ᠤᠨ ᠠᠵᠤ ᠦᠢᠯᠡᠰ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠬᠦ  ᠲᠤᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠰᠡᠳᠦᠪ ᠤᠨ ᠲᠣᠭᠤᠷᠢᠨ ᠳᠤ ᠪᠠᠶᠢᠴᠠᠭᠠᠨ ᠰᠤᠳᠤᠯᠵᠤ ᠵᠥᠪᠳᠡᠯᠴᠡᠵᠦ᠂ ᠦᠵᠦᠮ ᠤᠨ ᠠᠵᠤ ᠦᠢᠯᠡᠰ ᠤᠨ ᠬᠥᠭᠵᠢᠯᠲᠡ ᠳᠤ ᠣᠷᠣᠰᠢᠵᠤ ᠪᠠᠶᠢᠭ᠎ᠠ ︽ᠪᠣᠷᠣᠯᠠᠭᠤᠯᠭ᠎ᠠ ᠶᠢᠨ ᠲᠦᠭᠵᠢᠷᠡᠯ︾᠂ ︽ᠬᠠᠮᠵᠢᠯᠴᠠᠨ ᠬᠥᠭᠵᠢᠬᠦ ᠬᠠᠷᠢᠯᠴᠠᠭ᠎ᠠ ᠨᠢᠭᠲᠠ ᠪᠤᠰᠤ︾ ᠵᠡᠷᠭᠡ ᠠᠰᠠᠭᠤᠳᠠᠯ ᠳᠤ ᠴᠢᠭᠯᠡᠭᠦᠯᠦᠨ᠂ 17 ᠵᠦᠢᠯ ᠤᠨ ᠬᠡᠷᠡᠭᠵᠢᠭᠦᠯᠵᠦ ᠪᠣᠯᠬᠤᠶᠢᠴᠠ ᠠᠷᠭᠠᠴᠠᠬᠤ ᠪᠤᠳᠤᠯᠭ᠎ᠠ ᠰᠠᠨᠠᠭᠤᠯᠭ᠎ᠠ ᠳᠤᠷᠠᠳᠴᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠬᠠᠶᠢᠷᠤᠪ ᠤᠨ ᠲᠤᠬᠤᠢ ᠲᠣᠭᠤᠷᠢᠭ ᠲᠤ ᠦᠨᠳᠦᠰᠦᠯᠡᠭᠦᠯᠬᠦ ᠶᠢ ᠬᠦᠴᠦᠲᠡᠢ ᠠᠬᠢᠭᠤᠯᠪᠠ᠃ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ︽ᠪᠤᠭᠤᠲᠤ ᠠᠴᠠ ᠢᠷᠭᠠᠢ ᠬᠦᠷᠬᠦ ᠲᠦᠷᠭᠡᠨ ᠲᠡᠮᠦᠷ ᠵᠠᠮ ᠨᠡᠪᠲᠡᠷᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠬᠦ ᠨᠥᠯᠥᠭᠡ︾ ᠭᠡᠬᠦ ᠡᠨᠡᠬᠦ ᠴᠢᠬᠤᠯᠠ ᠰᠡᠳᠦᠪ ᠤᠨ ᠲᠣᠭᠤᠷᠢᠨ ᠳᠤ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠪᠤᠭᠤᠲᠤ ᠠᠴᠠ ᠢᠷᠭᠠᠢ ᠬᠦᠷᠬᠦ ᠲᠦᠷᠭᠡᠨ ᠲᠡᠮᠦᠷ ᠵᠠᠮ ᠨᠡᠪᠲᠡᠷᠡᠭᠰᠡᠨ ᠤ ᠳᠠᠷᠠᠭᠠᠬᠢ ᠬᠠᠶᠢᠷᠤᠪ ᠤᠨ ᠲᠤᠬᠤᠢ ᠲᠣᠭᠤᠷᠢᠭ ᠲᠤ ᠠᠪᠴᠢᠷᠠᠭᠰᠠᠨ ᠠᠵᠠ ᠲᠣᠬᠢᠶᠠᠯ ᠪᠣᠯᠤᠨ ᠥᠷᠢᠰᠥᠯᠳᠦᠭᠡᠨ ᠢ ᠪᠦᠬᠦ ᠲᠠᠯ᠎ᠠ ᠪᠠᠷ ᠵᠠᠳᠠᠯᠤᠨ ᠡᠮᠬᠢᠯᠡᠵᠦ᠂ ᠲᠤᠰ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠨᠢ ᠲᠤᠭᠤᠷᠢᠭ ᠤᠨ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠶᠢᠨ ᠳᠡᠭᠡᠳᠦ ᠬᠡᠮᠵᠢᠶᠡᠨ ᠤ ᠨᠤᠲᠠᠯᠠᠯᠲᠠ ᠪᠠ ᠴᠣᠬᠤᠯᠠᠪᠤᠷᠢ ᠶᠢ ᠣᠯᠵᠤ᠂ ︽ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠲᠤᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂  ᠭᠠᠳᠠᠷ ᠣᠷᠣᠨ ᠤ ᠲᠤᠷᠰᠢᠯᠭ᠎ᠠ ᠶᠢ ᠭᠦᠢᠴᠡᠳ ᠲᠤᠯᠢᠳᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠪᠠᠷᠠᠭᠠᠯᠬᠢᠯᠠᠯᠳᠤ ᠴᠢᠨᠠᠷ ᠪᠣᠯᠤᠨ ᠬᠡᠷᠡᠭᠵᠢᠭᠦᠯᠵᠦ ᠪᠣᠯᠬᠤᠶᠢᠴᠠ ᠰᠠᠨᠠᠭᠤᠯᠭ᠎ᠠ ᠳᠤᠷᠠᠳᠴᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠰᠡᠳᠬᠢᠮᠵᠢ ᠬᠠᠩᠭᠠᠪᠠ︔     ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠥᠪᠡᠷᠮᠢᠴᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠢᠨᠠᠯᠲᠠ ᠲᠠᠯᠪᠢᠵᠤ ᠵᠥᠪᠳᠡᠯᠴᠡᠬᠦ ᠠᠷᠭ᠎ᠠ ᠬᠡᠯᠪᠡᠷᠢ ᠪᠠᠨ ᠢᠳᠡᠪᠬᠢᠲᠡᠢ ᠰᠢᠨᠡᠴᠢᠯᠡᠵᠦ᠂ ᠠᠩᠬ᠎ᠠ ᠤᠳᠠᠭ᠎ᠠ ᠬᠢᠨᠠᠯᠲᠠ ᠲᠠᠯᠪᠢᠬᠤ ᠭᠤᠣᠯᠳᠠᠯᠭ᠎ᠠ ᠪᠠᠨ ᠰᠠᠯᠠᠭ᠎ᠠ ᠮᠥᠴᠢᠷ ᠨᠢᠭᠡᠴᠡ ᠠᠴᠠ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠳᠡᠭᠡᠭᠰᠢᠯᠡᠭᠦᠯᠪᠡ︔ ︽ᠨᠡᠭᠦᠷᠡᠰᠦ ᠤᠬᠢᠶᠠᠬᠤ ᠠᠵᠢᠯ ᠲᠦᠷᠦᠯ ᠢ ᠡᠮᠬᠢᠯᠡᠨ ᠨᠡᠶᠢᠯᠡᠭᠦᠯᠦᠭᠰᠡᠨ ᠪᠠᠶᠢᠳᠠᠯ︾᠂ ︽ᠵᠥᠷᠢᠴᠡᠯ ᠵᠢᠭᠤᠷᠠᠯᠳᠤᠭᠠᠨ ᠢ ᠠᠷᠢᠯᠭᠠᠬᠤ ᠡᠷᠴᠢᠮ ᠢ ᠴᠢᠩᠭᠠᠷᠠᠭᠤᠯᠵᠤ᠂ ᠠᠷᠠᠳ ᠤᠨ ᠡᠶᠡᠳᠡᠭᠦᠯᠬᠦ ᠠᠵᠢᠯ ᠢ ᠲᠠᠬᠢᠨ ᠳᠡᠭᠲᠡᠷ ᠲᠤ ᠭᠠᠷᠭᠠᠬᠤ︾ ᠪᠠ ︽ᠤᠷᠠᠯᠢᠭ ᠪᠡᠶ᠎ᠡ ᠶᠢᠨ ᠲᠠᠮᠢᠷ ᠤᠨ ᠲᠦᠷᠦᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠳᠠᠯ︾ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠂ ᠭᠡᠰᠢᠭᠦᠳ ᠢ ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠦᠨᠡᠯᠡᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠶᠢᠳᠠᠯ ᠢ ᠭᠦᠨᠵᠡᠭᠡᠶ ᠣᠶᠢᠯᠠᠭᠠᠭᠤᠯᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠠᠨᠠᠭᠤᠯᠭ᠎ᠠ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠲᠤᠭᠤᠷᠢᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠣᠨᠣᠪᠴᠢᠲᠠᠶ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ︔ ᠰᠠᠨᠠᠯ ᠳᠤᠷᠠᠳᠤᠯᠭ᠎ᠠ ᠶᠢᠨ ᠬᠢᠨᠠᠯᠲᠠ᠂ ᠬᠤᠷᠠᠯ ᠤᠨ ᠬᠢᠨᠠᠯᠲᠠ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢᠨ ᠬᠢᠨᠠᠯᠲᠠ ᠵᠡᠷᠭᠡ ᠤᠯᠠᠨ ᠵᠦᠢᠯ ᠤᠨ ᠬᠢᠨᠠᠯᠲᠠ ᠲᠠᠯᠪᠢᠬᠤ ᠬᠡᠯᠪᠡᠷᠢ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠡᠰᠢᠭᠦᠳ ᠢ ᠵᠣᠬᠢᠶᠠᠨ ᠪᠠᠶᠢᠭᠤᠯᠤᠨ ᠵᠠᠭᠤᠨ ᠬᠥᠮᠦᠨ ᠤᠳᠠᠭ᠎ᠠ ᠲᠥᠯᠥᠪᠵᠢᠭᠦᠯᠭᠡ ᠶᠢᠨ ᠭᠡᠷᠡᠴᠢᠯᠡᠭᠡ ᠰᠣᠨᠣᠰᠬᠤ᠂ ᠵᠥᠪᠯᠡᠯᠭᠡ ᠥᠭᠴᠦ ᠨᠤᠲᠠᠯᠠᠬᠤ᠂ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠵᠡᠷᠭᠡ ᠬᠢᠨᠠᠯᠲᠠ ᠲᠠᠯᠪᠢᠬᠤ ᠠᠵᠢᠯᠯᠠᠭ᠎ᠠ ᠳᠤ ᠣᠷᠣᠯᠴᠠᠭᠤᠯᠬᠤ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠵᠦᠢᠯᠡᠰ ᠢ ᠳᠠᠮᠵᠢᠭᠤᠯᠵᠤ᠂ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ ᠬᠢᠨᠠᠯᠲᠠ ᠲᠠᠯᠪᠢᠬᠤ ᠪᠠᠶᠢᠷᠢᠰᠢᠯ ᠢ ᠪᠦᠷᠢᠯᠳᠦᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠤᠷᠤᠭᠰᠢᠲᠠᠶ ᠥᠷᠨᠢᠬᠦ ᠶᠢ ᠬᠦᠴᠦᠲᠡᠶ ᠠᠬᠢᠭᠤᠯᠪᠠ᠃    ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ  ᠨᠡᠮᠡᠭᠳᠡᠭᠦᠯᠪᠡ   ᠬᠠᠶᠢᠷᠤᠪ ᠤᠨ ᠲᠣᠬᠤᠢ ᠲᠣᠭᠤᠷᠢᠭ ᠤᠨ ᠤᠯᠤᠰ ᠲᠥᠷᠦ ᠶᠢᠨ ᠵᠥᠪᠯᠡᠯᠭᠡᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠠᠩᠬᠠᠷᠴᠤ᠂ ᠠᠷᠠᠳ ᠤᠨ ᠠᠮᠢᠳᠤᠷᠠᠯ ᠳᠤ ᠤᠶᠢᠯᠡᠴᠢᠯᠡᠬᠦ ᠪᠠᠷ ᠠᠵᠢᠯ ᠤᠨ ᠵᠣᠷᠢᠯᠲᠠ ᠪᠠ ᠲᠤᠰᠤᠯᠲᠠ ᠪᠣᠯᠭᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠡᠳᠬᠢᠯ ᠲᠠᠯᠪᠢᠨ ᠰᠣᠨᠣᠰᠴᠤ᠂ ᠣᠯᠠᠨ ᠲᠦᠮᠡᠨ ᠤ ᠬᠦᠰᠡᠯ ᠰᠠᠨᠠᠭ᠎ᠠ ᠶᠢ ᠦᠨᠡᠨ ᠰᠡᠳᠬᠢᠯ ᠠᠴᠠ ᠪᠠᠨ ᠲᠤᠰᠬᠠᠵᠤ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠤᠡᠪᠤᠷᠢᠯᠡᠬᠦ ᠲᠠᠯ᠎ᠠ ᠪᠠᠷ ᠤᠯᠤᠰ ᠲᠥᠷᠦ ᠶᠢᠨ ᠵᠥᠪᠯᠡᠯᠭᠡᠨ ᠤ ᠡᠭᠦᠷᠭᠡᠯᠡᠯ ᠢᠶᠠᠨ ᠢᠯᠡᠷᠡᠭᠦᠯᠬᠦ ᠪᠠᠷ ᠴᠢᠷᠮᠠᠶᠢᠨ᠎ᠠ᠃ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠨᠡᠶᠢᠭᠡᠮ ᠤᠨ ᠬᠠᠯᠠᠮᠰᠢᠯ ᠠᠰᠠᠭᠤᠳᠠᠯ ᠤᠨ ᠲᠣᠭᠤᠷᠢᠨ ᠳᠤ᠂ ᠭᠡᠰᠢᠭᠦᠳ ᠢ ᠵᠣᠬᠢᠶᠠᠨ ᠪᠠᠶᠢᠭᠤᠯᠤᠨ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠢ ᠴᠢᠩᠭᠠᠳᠬᠠᠵᠤ᠂ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ︾ ︽ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠤᠶᠤᠲᠠᠳ ᠤᠨ ᠠᠵᠢᠯ ᠣᠯᠭᠤᠯᠲᠠ ᠶᠢ ᠠᠬᠢᠭᠤᠯᠬᠤ︾ ︽ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ︾ ᠵᠡᠷᠭᠡ ᠰᠡᠳᠦᠪ ᠤᠨ ᠲᠤᠬᠠᠶ ᠪᠠᠶᠢᠴᠠᠭᠠᠨ ᠦᠵᠡᠵᠦ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠬᠠᠨᠳᠤᠯᠭᠠᠲᠤ ᠴᠢᠨᠠᠷᠲᠠᠶ ᠠᠯᠢ ᠣᠯᠠᠨ ᠰᠠᠨᠠᠯ ᠰᠠᠨᠠᠭᠤᠯᠭ᠎ᠠ ᠳᠤᠷᠠᠳᠴᠤ᠂ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠳᠤ ᠬᠦᠴᠦᠨ ᠨᠡᠮᠡᠷᠢᠯᠡᠪᠡ︔ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ︾ ᠵᠡᠷᠭᠡ ᠰᠡᠳᠦᠪ ᠲᠤ ᠴᠢᠭᠯᠡᠭᠦᠯᠦᠨ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠶᠢᠨ ᠲᠥᠯᠥᠭᠡ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ︔ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ︽︿ᠤᠮᠠᠷᠠᠲᠤ ᠬᠢᠯᠢ ᠶᠢᠨ ᠰᠣᠶᠣᠯ﹀᠎ ᠢ ᠪᠠᠳᠠᠷᠠᠭᠤᠯᠬᠤ᠂ ᠳᠤᠮᠳᠠᠳᠤ ᠶᠢᠨ ᠰᠣᠶᠣᠯ ᠤᠨ ᠪᠠᠷᠢᠯᠭ᠎ᠠ ᠶᠢᠨ ᠲᠥᠬᠦᠭᠡᠷᠦᠮᠵᠢ ᠶᠢ ᠬᠠᠮᠠᠭᠠᠯᠠᠬᠤ︾ ᠵᠡᠷᠭᠡ ᠰᠡᠳᠦᠪ ᠤᠨ ᠲᠣᠭᠤᠷᠢᠨ ᠳᠤ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠷᠠᠳ ᠣᠯᠠᠨ ᠳᠤ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠦᠷ᠎ᠡ ᠪᠦᠲᠦᠭᠡᠯ ᠠᠴᠠ ᠦᠨᠡᠨ ᠪᠣᠳᠠᠲᠠᠶ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠮᠡᠳᠡᠷᠡᠭᠦᠯᠪᠡ᠃     ᠰᠠᠨᠠᠯ ᠳᠤᠷᠠᠳᠤᠯᠭ᠎ᠠ ᠶᠢᠨ ᠠᠵᠢᠯ ᠪᠣᠯ ᠤᠯᠤᠰ ᠲᠥᠷᠥ ᠶᠢᠨ ᠵᠥᠪᠯᠡᠯᠭᠡᠨ ᠤ ᠠᠷᠠᠳ ᠤᠨ ᠠᠮᠢᠳᠤᠷᠠᠯ ᠳᠤ ᠦᠢᠯᠡᠴᠢᠯᠡᠬᠦ ᠴᠢᠬᠤᠯᠠ ᠭᠠᠷᠳᠠᠴᠠ ᠮᠥᠨ᠃ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠰᠠᠨᠠᠯ ᠳᠤᠷᠠᠳᠤᠯᠭ᠎ᠠ ᠶᠢᠨ ᠠᠵᠢᠯ ᠤᠨ ᠶᠠᠰᠤ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠨᠠᠯ ᠳᠤᠷᠠᠳᠤᠯᠭ᠎ᠠ ᠶᠢᠨ ᠳᠤᠷᠠᠳᠬᠤ᠂ ᠬᠡᠷᠡᠭ ᠪᠣᠯᠭᠠᠨ ᠳᠠᠩᠰᠠᠯᠠᠬᠤ᠂ ᠰᠢᠢᠳᠪᠦᠷᠢᠯᠡᠬᠦ᠂ ᠬᠢᠨᠠᠯᠲᠠ ᠲᠠᠯᠪᠢᠬᠤ ᠠᠴᠠ ᠦᠨᠡᠯᠡᠬᠦ ᠬᠦᠷᠲᠡᠯ᠎ᠡ᠂ ᠡᠯ᠎ᠡ ᠭᠤᠭᠴᠤᠭ᠎ᠠ ᠶᠢ ᠴᠥᠮ ᠪᠣᠭᠤᠮᠲᠠ ᠶᠢ ᠴᠢᠩᠭ᠎ᠠ ᠠᠳᠬᠤᠵᠤ᠂ ᠰᠠᠨᠠᠯ ᠳᠤᠷᠠᠳᠤᠯᠭ᠎ᠠ ᠶᠢᠨ ᠦᠷ᠎ᠡ ᠪᠦᠲᠦᠭᠡᠯ ᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠶᠢ ᠦᠨᠡᠨ ᠬᠦ ᠪᠠᠲᠤᠯᠠᠪᠠ᠃ ᠤᠯᠤᠰ ᠲᠥᠷᠥ ᠶᠢᠨ ᠵᠥᠪᠯᠡᠯᠭᠡᠨ ᠤ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠨᠡᠶᠢᠲᠡ 97 ᠬᠤᠪᠢ ᠰᠠᠨᠠᠯ ᠳᠤᠷᠠᠳᠤᠯᠭ᠎ᠠ ᠶᠢ ᠭᠥᠯᠢᠶᠡᠨ ᠠᠪᠴᠤ᠂ ᠬᠢᠨᠠᠨ ᠪᠠᠶᠢᠴᠠᠭᠠᠬᠤ ᠪᠠᠷ ᠳᠡᠮᠵᠢᠨ 87 ᠬᠤᠪᠢ ᠰᠠᠨᠠᠯ ᠳᠤᠷᠠᠳᠤᠯᠭ᠎ᠠ ᠶᠢ ᠳᠡᠩᠰᠡᠯᠡᠵᠦ᠂ ᠰᠢᠢᠤᠡᠪᠤᠷᠢᠯᠡᠵᠤ ᠬᠠᠷᠢᠭᠤᠯᠲᠠ ᠥᠭᠭᠦᠭᠰᠡᠨ ᠨᠣᠷᠮ᠎ᠠ ᠨᠢ 100%᠎ ᠳᠤ ᠬᠦᠷᠴᠦ᠂ ᠭᠡᠰᠢᠭᠦᠳ ᠤᠨ ᠬᠠᠨᠤᠮᠵᠢᠲᠠᠶ ᠨᠣᠷᠮ᠎ᠠ ᠪᠠ ᠦᠨᠳᠦᠰᠦᠨ ᠬᠠᠨᠤᠮᠵᠢᠲᠠᠶ ᠨᠣᠷᠮ᠎ᠠ ᠨᠢ ᠴᠥᠮ 100%᠎ ᠳᠤ ᠬᠦᠷᠴᠡᠶ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠮᠡᠳᠡᠭᠡ ᠵᠠᠩᠭᠢ ᠶᠢᠨ ᠰᠢᠭᠤᠳ ᠮᠡᠳᠡᠭᠦᠯᠬᠦ ᠴᠡᠭ ᠲᠤ ᠠᠮᠵᠢᠯᠲᠠ ᠲᠠᠢ ᠰᠣᠩᠭᠤᠭᠳᠠᠬᠤ ᠪᠠᠷ ᠠᠵᠠ ᠲᠣᠬᠢᠶᠠᠯ ᠪᠣᠯᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ︽ᠥᠨᠳᠥᠷ ᠵᠣᠭᠰᠣᠴᠠ᠂ ᠥᠷᠭᠡᠨ ᠬᠠᠷᠠᠭᠠᠰᠤ︾᠎ ᠳᠤ ᠰᠠᠭᠤᠷᠢᠯᠠᠨ ᠤᠯᠠᠨ ᠲᠦᠮᠡᠨ ᠤ ᠬᠦᠰᠡᠯ ᠡᠷᠡᠮᠡᠯᠵᠡᠯ ᠢ ᠲᠤᠰᠬᠠᠵᠤ᠂ ︽ᠪᠠᠭ᠎ᠠ ᠲᠠᠯ᠎ᠠ ᠠᠴᠠ ᠪᠠ ᠶᠡᠭᠡ ᠠᠷᠠᠳ ᠤᠨ ᠠᠮᠢᠳᠤᠷᠠᠯ︾᠎ ᠤᠨ ᠬᠠᠷᠠᠭᠠᠰᠤ ᠠᠴᠠ ᠦᠨᠳᠦᠰᠦᠨ ᠱᠠᠲᠤᠨ ᠤ ᠲᠠᠭᠤᠨ ᠢ ᠲᠤᠰᠬᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢ ︽ᠲᠤᠭ᠎ᠠ ᠬᠡᠮᠵᠢᠶ᠎ᠡ ᠠᠷᠪᠢᠨ︾᠎ ᠠᠴᠠ ︽ᠶᠠᠰᠤ ᠴᠢᠨᠠᠷ ᠰᠢᠯᠢᠳᠡᠭ︾ ᠲᠡᠶᠢᠰᠢ ᠬᠤᠪᠢᠷᠠᠭᠤᠯᠬᠤ ᠶᠢ  ᠠᠬᠢᠭᠤᠯᠤᠨ᠎ᠠ᠃ ᠡᠳᠡᠭᠡᠷ ᠰᠠᠨᠠᠯ ᠳᠤᠷᠠᠳᠤᠯᠭ᠎ᠠ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ ᠪᠦᠲᠦᠮᠵᠢᠲᠡᠢ ᠰᠢᠢᠳᠪᠦᠷᠢᠯᠡᠭᠰᠡᠨ ᠪᠠ ᠬᠠᠷᠢᠭᠤ ᠲᠤᠰᠬᠠᠵᠤ᠂ ᠤᠯᠤᠰ ᠲᠦᠷᠦ ᠶᠢᠨ ᠵᠥᠪᠯᠡᠯᠭᠡᠨ ᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠬᠢᠭᠤᠯᠬᠤ ᠲᠠᠯ᠎ᠠ ᠪᠠᠷ ᠬᠢ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠪᠠ᠃ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠦᠨᠳᠦᠰᠦᠨ ᠱᠠᠲᠤᠨ ᠤ ᠳᠠᠷᠤᠭᠠᠰᠤ ᠶᠢ ᠨᠡᠮᠡᠭᠳᠡᠭᠦᠯᠬᠦ ᠦᠭᠡᠢ ᠤᠷᠢᠲᠠᠯ ᠳᠣᠣᠷ᠎ᠠ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠶᠢ ᠦᠨᠳᠦᠰᠦᠨ ᠱᠠᠳᠤ ᠲᠡᠶᠢᠰᠢ ᠤᠷᠲᠤᠳᠬᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠨ ᠱᠠᠲᠤᠨ ᠤ ᠵᠥᠪᠯᠡᠬᠦ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ᠂ 80 ᠭᠠᠷᠤᠢ ᠤᠯᠠᠨ ᠲᠦᠮᠡᠨ ᠤ ᠳᠡᠷᠭᠡᠳᠡᠬᠢ ᠪᠤᠬᠢᠨᠢᠳᠤᠯ ᠲᠠᠢ ᠶᠠᠪᠤᠳᠠᠯ᠂ ᠰᠠᠨᠠᠭᠠᠰᠢᠷᠠᠯ ᠲᠠᠢ ᠶᠠᠪᠤᠳᠠᠯ ᠢ ᠰᠢᠢᠳᠪᠦᠷᠢᠯᠡᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠣᠯᠤᠨ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠠᠬᠢᠭᠤᠯᠪᠠ︔ ᠦᠨᠳᠦᠰᠦᠨ ᠱᠠᠲᠤᠨ ᠤ ᠵᠥᠪᠯᠡᠬᠦ ᠣᠨᠴᠠᠯᠢᠭ ᠲᠠᠢ ᠬᠢᠯᠠᠰ ᠴᠡᠭ ᠢ ᠬᠦᠴᠦᠯᠡᠨ ᠡᠭᠦᠳᠴᠦ᠂ ᠪᠢᠨ ᠾᠧ ᠵᠡᠭᠡᠯᠢ ᠭᠤᠳᠤᠮᠵᠢ ᠠᠴᠠ ᠲᠦᠷᠦᠭᠦᠯᠡᠨ ︽ᠡᠷᠡᠭᠦᠯ ᠡᠩᠬᠡ ᠪᠢᠨ ᠾᠧ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠠᠵᠢᠯᠯᠠᠬᠤ ᠲᠠᠰᠤᠭ︾᠂ ︽ᠲᠠᠷᠢᠶᠠᠴᠢᠨ ᠠᠵᠢᠯᠴᠢᠨ ᠤ ᠭᠡᠷ ᠤᠨ ᠡᠲᠡᠭᠡᠳ ᠤᠨ ᠢᠯᠭᠠᠯ ᠤᠨ ᠠᠵᠢᠯᠯᠠᠬᠤ ᠲᠠᠰᠤᠭ︾᠎ ᠢ ᠪᠠᠶᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ︽ᠭᠡᠷ ᠤᠨ ᠡᠭᠦᠳᠡ︾᠎ ᠶᠢᠨ ᠳᠥᠭᠦᠮ ᠳᠥᠲᠡ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠪᠠ᠃ ᠡᠭᠦᠨ ᠠᠴᠠ ᠭᠠᠳᠠᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠪᠠᠰᠠ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠲᠠᠢ ᠬᠠᠮᠵᠢᠯᠴᠠᠨ ᠦᠵᠦᠮ ᠤᠨ ᠠᠵᠤ ᠦᠢᠯᠡᠰ ᠤᠨ ᠬᠡᠯᠬᠢᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯ ᠤᠨ ᠦᠷᠳᠡᠭᠡ ᠪᠣᠯᠤᠨ BDO ᠠᠵᠤ ᠦᠢᠯᠡᠰ ᠤᠨ ᠬᠡᠯᠬᠢᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯ ᠤᠨ ᠦᠷᠳᠡᠭᠡ ᠶᠢ ᠪᠠᠶᠢᠭᠤᠯᠵᠤ᠂ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠠᠪᠴᠠᠩ ᠢ ᠤᠯᠠᠮ ᠴᠢᠨᠠᠭᠰᠢᠳᠠ ᠥᠷᠭᠡᠳᠬᠡᠪᠡ︔ ︽ᠤᠯᠤᠰ ᠲᠦᠷᠦ ᠶᠢᠨ ᠵᠥᠪᠯᠡᠯᠭᠡᠨ ᠤ ᠰᠢᠭᠦᠬᠦ ᠬᠤᠷᠢᠶ᠎ᠠ︾᠎ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠡᠰᠢᠭᠦᠳ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠶᠡᠬᠡᠪᠡᠷ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠳᠤ ᠴᠢᠬᠤᠯᠠ ᠦᠢᠯᠡᠳᠦᠯ ᠦᠵᠡᠭᠦᠯᠪᠡ᠃     ᠪᠦᠯᠬᠦᠮᠳᠡᠯ ᠠᠷᠠᠳᠴᠢᠯᠠᠯ ᠢᠶᠠᠷ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠴᠢᠩᠭᠠᠤᠡᠬᠠᠪᠠ     ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠢᠮᠠᠭᠲᠠ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ᠡᠯ᠎ᠡ ᠨᠠᠮ ᠪᠦᠯᠦᠭ ᠪᠦᠯᠬᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠯᠦᠭᠡ ᠶᠢᠨ ᠬᠠᠮᠲᠤᠷᠠᠯᠴᠠᠨ ᠬᠠᠮᠲᠤᠪᠠᠷ ᠠᠵᠢᠯᠯᠠᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠨᠡᠷ᠎ᠡ ᠪᠠᠷ ᠤᠯᠤᠰ ᠲᠦᠷᠦ ᠶᠢᠨ ᠵᠥᠪᠯᠡᠯᠭᠡᠨ ᠳᠤ ᠰᠠᠨᠠᠯ ᠢᠶᠠᠨ ᠢᠯᠡᠳᠬᠡᠬᠦ᠂ ᠰᠠᠨᠠᠭᠤᠯᠭ᠎ᠠ ᠳᠤᠷᠠᠳᠬᠤ ᠡᠷᠬᠡ ᠶᠢ ᠭᠦᠢᠴᠡᠳ ᠬᠦᠨᠳᠦᠳᠬᠡᠨ ᠪᠠᠲᠤᠯᠠᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠲᠤ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠲᠠᠪᠴᠠᠩ ᠪᠠᠶᠢᠭᠤᠯᠤᠨ ᠥᠭᠴᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠠᠶᠢᠨ ᠰᠠᠶᠢᠬᠠᠨ ᠨᠥᠬᠦᠴᠡᠯ ᠢ ᠡᠭᠦᠳᠴᠦ᠂ ᠰᠠᠨᠠᠯ ᠳᠤᠷᠠᠳᠤᠯᠭ᠎ᠠ ᠶᠢ ᠬᠡᠷᠡᠭ ᠪᠣᠯᠭᠠᠨ ᠳᠠᠩᠰᠠᠯᠠᠬᠤ᠂ ᠶᠡᠭᠡ ᠬᠤᠷᠠᠯ ᠤᠨ ᠶᠠᠷᠢᠶᠠᠨ ᠤ ᠲᠤᠬᠢᠷᠠᠭᠤᠯᠤᠯᠳᠠ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢ ᠨᠠᠶᠢᠷᠠᠭᠤᠯᠤᠨ ᠲᠠᠷᠬᠠᠭᠠᠬᠤ ᠵᠡᠷᠭᠡ ᠲᠠᠯ᠎ᠠ ᠪᠠᠷ ᠡᠩ ᠲᠡᠷᠢᠭᠦᠨ ᠳᠤ ᠳᠡᠮᠵᠢᠯᠭᠡ ᠦᠵᠡᠭᠦᠯᠦᠨ᠎ᠡ᠃ ᠡᠯ᠎ᠡ ᠨᠠᠮ ᠪᠦᠯᠦᠭ ᠪᠦᠯᠬᠦᠮ ᠤᠨ ᠬᠥᠮᠦᠰ ᠤᠯᠤᠰ ᠲᠦᠷᠦ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠳᠤ ᠢᠳᠡᠪᠬᠢᠲᠡᠢ ᠣᠷᠣᠯᠴᠠᠵᠤ᠂ ᠲᠤᠰ ᠲᠤᠰ ᠤᠨ ᠳᠠᠪᠠᠭᠤᠯᠢᠭ ᠪᠠ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠳᠤ ᠬᠦᠴᠦᠷᠬᠡᠭ ᠶᠡᠭᠡ ᠠᠮᠢᠵᠢᠷᠠᠯ ᠤᠨ ᠬᠦᠴᠦᠨ ᠨᠡᠮᠡᠷᠢᠯᠡᠨ᠎ᠡ︔ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ︾ ᠡᠲᠡᠭᠡᠳ ᠤᠨ ᠢᠯᠭᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠬᠢᠭᠡᠳ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠤᠯᠠᠮ ᠨᠢᠭᠡ ᠠᠯᠬᠤᠮ ᠠᠬᠢᠭᠤᠯᠵᠤ᠂ ᠪᠦᠯᠬᠦᠮᠳᠡᠨ ᠲᠡᠮᠡᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃     ᠥᠩᠭᠡᠷᠡᠭᠰᠡᠨ ᠨᠢᠭᠡ ᠵᠢᠯ ᠳᠤ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠳᠠᠭᠤᠨ ᠢ ᠢᠳᠡᠪᠬᠢᠲᠡᠢ ᠤᠯᠠᠮᠵᠢᠯᠠᠵᠤ᠂ ᠤᠯᠤᠰ ᠲᠦᠷᠦ ᠶᠢᠨ ᠵᠥᠪᠯᠡᠯᠭᠡᠨ ᠤ ᠦᠯᠢᠭᠡᠷ ᠢ ᠰᠠᠶᠢᠲᠤᠷ ᠶᠠᠷᠢᠵᠤ᠂ ᠭᠡᠰᠢᠭᠦᠳ ᠤᠨ ᠴᠤᠭ ᠵᠢᠪᠬᠤᠭ᠎ᠠ ᠶᠢ ᠢᠯᠡᠷᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠨᠡᠶᠢᠭᠡᠮ ᠤᠨ ᠨᠥᠯᠥᠭᠡᠯᠡᠬᠦ ᠬᠦᠴᠦᠨ ᠪᠣᠯᠤᠨ ᠭᠡᠰᠢᠭᠦᠳ ᠤᠨ ᠡᠩᠨᠡᠭᠡ ᠶᠢᠨ ᠨᠢᠭᠲᠠᠷᠠᠯ ᠤᠨ ᠬᠦᠴᠦᠨ ᠢ ᠪᠦᠲᠦᠮᠵᠢᠲᠡᠢ ᠳᠡᠭᠡᠭᠰᠢᠯᠡᠭᠦᠯᠪᠡ︔ ᠭᠠᠳᠠᠭᠠᠳᠤ ᠲᠠᠢ ᠨᠥᠬᠦᠷᠰᠡᠭ ᠶᠠᠪᠤᠯᠴᠠᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠤᠷᠢᠳ ᠬᠤᠵᠢᠳ ᠭᠡᠰᠢᠭᠦᠳ ᠢ ᠵᠣᠬᠢᠶᠠᠨ ᠪᠠᠶᠢᠭᠤᠯᠤᠨ ᠭᠠᠳᠠᠨ᠎ᠠ ᠣᠷᠣᠨ ᠳᠤ ᠣᠴᠢᠭᠤᠯᠵᠤ ᠰᠤᠷᠤᠯᠴᠠᠨ ᠰᠣᠯᠢᠯᠴᠠᠵᠤ᠂ ᠭᠠᠳᠠᠷ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠨ ᠤ ᠠᠵᠢᠯ ᠤᠨ ᠲᠤᠷᠰᠢᠯᠭ᠎ᠠ ᠪᠠᠷ ᠲᠤᠯᠢ ᠪᠣᠯᠭᠠᠬᠤ ᠶᠢᠨ ᠬᠠᠮᠲᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠪᠣᠯᠤᠨ ᠲᠡᠦᠬᠡ ᠰᠣᠶᠣᠯ ᠤᠨ ᠠᠭᠤᠯᠤᠭᠳᠠᠬᠤᠨ ᠢ ᠥᠷᠭᠡᠨ ᠳᠡᠯᠭᠡᠷ ᠤᠬᠠᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠬᠥᠭᠵᠢᠯᠲᠡ ᠳᠤ ᠨᠡᠩ ᠥᠷᠭᠡᠨ ᠠᠭᠤᠳᠠᠮ ᠣᠷᠣᠨ ᠵᠠᠢ ᠶᠢ ᠨᠡᠭᠡᠭᠡᠪᠡ︔ ᠰᠣᠶᠣᠯ ᠲᠡᠦᠬᠡ ᠶᠢᠨ ᠮᠠᠲ᠋ᠧᠷᠢᠶᠠᠯ ᠤᠨ ︽ᠥᠪᠥᠷ ᠮᠣᠩᠭᠤᠯ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠨᠢᠭᠡᠳᠬᠡᠯ ᠠᠩᠬᠢ ᠤ ᠲᠣᠪᠴᠢ ᠲᠡᠦᠬᠡ︾ ᠵᠡᠷᠭᠡ ᠤᠯᠤᠰ ᠲᠦᠷᠦ ᠶᠢᠨ ᠵᠥᠪᠯᠡᠯᠭᠡᠨ ᠤ ᠰᠣᠶᠣᠯ ᠲᠡᠦᠬᠡ ᠶᠢᠨ ᠮᠠᠲ᠋ᠧᠷᠢᠶᠠᠯ ᠢ ᠠᠭᠤᠳᠠᠯᠬᠤ᠂ ᠡᠮᠬᠢᠯᠡᠬᠦ ᠪᠠ ᠨᠠᠶᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠲᠡᠦᠬᠡ ᠶᠢᠨ ᠬᠥᠭᠵᠢᠯᠲᠡ ᠶᠢᠨ ᠰᠤᠳᠠᠰᠤ ᠶᠢ ᠦᠯᠡᠳᠡᠭᠡᠬᠦ᠂ ᠡᠮᠬᠢᠯᠡᠬᠦ ᠪᠠ ᠨᠠᠶᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠲᠡᠦᠬᠡ ᠶᠢᠨ ᠬᠥᠭᠵᠢᠯᠲᠡ ᠶᠢᠨ ᠰᠤᠳᠠᠰᠤ ᠶᠢ ᠦᠯᠡᠳᠡᠭᠡᠬᠦ᠂ ᠡᠮᠬᠢᠳᠬᠡᠬᠦ ᠪᠠ ᠬᠠᠷᠢᠶᠠᠯᠠᠭᠳᠠᠬᠤ ᠰᠡᠳᠬᠢᠯᠭᠡ ᠶᠢ ᠤᠯᠠᠮ ᠴᠢᠨᠠᠭᠰᠢᠳᠠ ᠴᠢᠩᠭᠠᠳᠬᠠᠪᠠ᠃     ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠦᠷᠭᠦᠯᠵᠢᠯᠡᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠲᠤᠭᠤᠷᠢᠭ ᠤᠨ ᠨᠠᠮ ᠤᠨ ᠬᠤᠷᠢᠶᠠᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠤᠯᠤᠰ ᠲᠦᠷᠦ ᠶᠢᠨ ᠵᠥᠪᠯᠡᠯᠭᠡᠨ ᠤ ᠥᠪᠡᠷᠮᠢᠴᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠢ ᠪᠦᠯᠬᠦᠮᠳᠡᠭᠦᠯᠦᠨ ᠳᠠᠭᠠᠭᠤᠯᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠡᠷᠡᠮᠡᠬᠡᠶᠢᠯᠡᠨ ᠤᠷᠤᠭᠰᠢᠯᠠᠵᠤ᠂  ᠰᠢᠨ᠎ᠡ ᠴᠠᠭ ᠦᠶ᠎ᠡ ᠰᠢᠨ᠎ᠡ ᠠᠶᠠᠨ ᠳᠤ ᠨᠡᠩ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠦᠢᠯᠡᠳᠦᠯᠭᠡ ᠶᠢᠨ ᠠᠤᠭ᠎ᠠ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号