1 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠦᠬᠠᠢ ᠬᠤᠳᠠ ᠶᠢᠨ ᠬᠠᠶᠢᠷᠤᠪ ᠤᠨ ᠲᠤᠬᠤᠢ | ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯ ᠡᠬᠢᠯᠡᠪᠡ᠃ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠠᠵᠢᠯ ᠲᠦᠷᠦᠯ᠂ ᠡᠯ᠎ᠡ | ᠹᠷᠣᠨᠲ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠨᠢᠭᠡ ᠲᠠᠩᠬᠢᠮ ᠳᠤ | ᠴᠤᠭᠯᠠᠷᠠᠵᠤ᠂ ᠪᠦᠬᠦ ᠲᠤᠭᠤᠷᠢᠭ ᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠪᠣᠯᠤᠨ ᠬᠦᠰᠡᠯ ᠡᠷᠡᠮᠡᠯᠵᠡᠯ ᠢ | ᠡᠭᠦᠷᠭᠡᠯᠡᠵᠦ᠂ ᠬᠡᠬᠦᠳᠡᠭ ᠳᠦᠭᠦᠷᠡᠩ ᠤᠯᠤᠰ ᠲᠦᠷᠦ ᠶᠢᠨ ᠬᠠᠯᠠᠭᠤᠨ ᠰᠡᠳᠬᠢᠯᠭᠡ᠂ ᠴᠢᠩᠭ᠎ᠠ ᠡᠭᠦᠷᠭᠡ | ᠬᠠᠷᠢᠭᠤᠴᠠᠯᠭ᠎ᠠ ᠪᠠᠷ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠠᠴᠠ ᠣᠯᠭᠤᠭᠰᠠᠨ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢᠨ ᠶᠡᠭᠡ ᠪᠤᠳᠤᠯᠭ᠎ᠠ ᠶᠢ | ᠬᠠᠮᠲᠤᠪᠠᠷ ᠵᠥᠪᠯᠡᠵᠦ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢᠨ ᠰᠠᠶᠢᠨ ᠪᠤᠳᠤᠯᠭ᠎ᠠ ᠶᠢ ᠬᠠᠮᠲᠤᠪᠠᠷ | ᠰᠦᠪᠡᠭᠴᠢᠯᠡᠵᠦ᠂ ᠰᠢᠨ᠎ᠡ ᠠᠶᠠᠨ ᠵᠠᠮ ᠢ ᠬᠠᠮᠲᠤᠪᠠᠷ ᠪᠢᠴᠢᠭᠯᠡᠬᠦ ᠶᠢᠨ ᠢᠷᠠᠭᠤ ᠬᠠᠭᠤᠳᠠᠰᠤ ᠶᠢ ᠬᠠᠮᠲᠤᠪᠠᠷ ᠪᠢᠴᠢᠭᠯᠡᠪᠡ᠃ | | | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠬᠡᠭᠴᠢ ᠲᠡᠷᠢᠭᠦᠯᠡᠭᠴᠢ ᠭᠦᠸᠧ ᠢ ᠵᠢᠶᠧ᠂ | ᠼᠦᠢ ᠬᠤᠩ ᠪᠥᠸᠧ᠂ ᠼᠤᠤ ᠬᠤᠢ ᠰᠢᠶᠠᠨ᠂ ᠸᠠᠩ ᠵᠢᠤᠸᠠᠨ᠂ ᠫᠧᠩ ᠮᠢᠩ ᠯᠢᠨ᠂ ᠹᠧᠩ ᠰᠢᠤ ᠮᠧᠢ᠂ ᠵᠠᠩ ᠬᠤᠢ᠂ | ᠯᠢᠦ ᠭᠠᠩ᠂ ᠸᠠᠩ ᠸᠧᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | | ᠵᠠᠩ ᠾᠦᠢ ᠶᠡᠭᠡ ᠬᠤᠷᠠᠯ ᠢ ᠡᠷᠬᠢᠯᠡᠭᠰᠡᠨ ᠪᠥᠭᠡᠳ ᠶᠡᠭᠡ ᠬᠤᠷᠠᠯ ᠡᠬᠢᠯᠡᠭᠰᠡᠨ ᠢ ᠵᠠᠷᠯᠠᠪᠠ᠃ | | ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠳᠠᠷᠤᠭ᠎ᠠ ᠼᠦᠢ ᠬᠤᠩ ᠪᠥᠸᠧ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ | ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ | | ᠬᠤᠷᠠᠯ ᠤᠨ ᠵᠥᠪᠯᠡᠬᠦ ᠵᠦᠢᠯ ᠢ ᠦᠨᠳᠦᠰᠦᠯᠡᠪᠡᠯ᠂ ᠶᠡᠭᠡ ᠬᠤᠷᠠᠯ ᠠᠴᠠ ︽ᠬᠠᠶᠢᠷᠤᠪ ᠤᠨ ᠲᠤᠬᠤᠢ | ᠲᠣᠭᠤᠷᠢᠭ ᠤᠨ 2024 ᠣᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2025 ᠣᠨ ᠤ ᠲᠥᠯᠥᠪᠯᠡᠭᠡ ︵ᠲᠥᠰᠦᠯ︶ ᠶᠢᠨ | ᠮᠡᠳᠡᠭᠦᠯᠦᠯᠲᠡ︾᠂ ︽ᠬᠠᠶᠢᠷᠤᠪ ᠤᠨ ᠲᠤᠬᠤᠢ ᠲᠣᠭᠤᠷᠢᠭ ᠤᠨ 2024 ᠣᠨ ᠤ ᠤᠯᠠᠨ ᠨᠡᠶᠢᠲᠡ ᠶᠢᠨ ᠡᠳ᠋ ᠤᠨ | ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠵᠢᠴᠢ 2025 ᠣᠨ ᠤ ᠡᠳ᠋ ᠤᠨ ᠵᠠᠰᠠᠭ ᠤᠨ ᠲᠥᠰᠦᠪ ︵ | ᠲᠥᠰᠦᠯ︶ ᠤᠨ ᠮᠡᠳᠡᠭᠦᠯᠦᠯᠲᠡ︾᠂ ︽2024 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ︾ ᠪᠣᠯᠤᠨ ︽2025 | ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ | ᠵᠦᠢᠯ ᠤᠨ ᠪᠦᠷᠢᠯᠳᠦᠭᠰᠡᠨ ᠪᠠᠶᠢᠳᠠᠯ ᠤᠨ ᠮᠡᠳᠡᠭᠦᠯᠦᠯᠲᠡ︾ ᠶᠢ ᠬᠢᠨᠠᠨ ᠵᠥᠪᠯᠡᠪᠡ᠃ |