ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠬᠢᠯᠡᠪᠡ    ᠭᠦᠸᠧ ᠢ ᠵᠢᠶᠧ  ᠭᠤᠤ ᠳ᠋ᠧᠩ ᠴᠧᠩ ᠬᠤᠷᠠᠯ ᠳᠤ ᠣᠷᠣᠯᠴᠠᠪᠠ  ᠼᠦᠢ ᠬᠤᠩ ᠪᠥᠸᠧ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ  ᠵᠠᠩ ᠬᠤᠢ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2025/1/6
    ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠬᠢᠯᠡᠪᠡ    ᠭᠦᠸᠧ ᠢ ᠵᠢᠶᠧ ᠭᠤᠤ ᠳ᠋ᠧᠩ ᠴᠧᠩ ᠬᠤᠷᠠᠯ ᠳᠤ ᠣᠷᠣᠯᠴᠠᠵᠤ ᠼᠦᠢ ᠬᠤᠩ ᠪᠥᠸᠧ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ ᠼᠤᠤ ᠬᠤᠢ ᠰᠢᠶᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ ᠵᠠᠩ ᠾᠦᠢ ᠬᠤᠷᠠᠯ ᠢ ᠡᠷᠬᠢᠯᠡᠪᠡ    1 ᠰᠠᠷ᠎ᠠ ᠶᠢᠨ 4᠎ ᠤ ᠡᠳᠦᠷ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠬᠢᠯᠡᠪᠡ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠬᠤᠷᠠᠯ ᠳᠤ ᠣᠷᠣᠯᠴᠠᠪᠠ᠃
640.jpg   
    ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠬᠡᠭᠴᠢ ᠲᠡᠷᠢᠭᠦᠯᠡᠭᠴᠢ ᠭᠦᠸᠧ ᠢ ᠵᠢᠶᠧ᠂ ᠼᠦᠢ ᠬᠤᠩ ᠪᠥᠸᠧ᠂ ᠼᠤᠤ ᠬᠤᠢ ᠰᠢᠶᠠᠨ᠂ ᠭᠤᠤ ᠳ᠋ᠧᠩ ᠴᠧᠩ᠂ ᠸᠠᠩ ᠵᠢᠤᠸᠠᠨ᠂ ᠫᠧᠩ ᠮᠢᠩ ᠯᠢᠨ᠂ ᠹᠧᠩ ᠰᠢᠤ ᠮᠧᠢ᠂ ᠵᠠᠩ ᠬᠤᠢ᠂ ᠯᠢᠦ ᠭᠠᠩ᠂ ᠸᠠᠩ ᠸᠧᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃    ᠶᠠᠩ ᠳ᠋ᠦᠸᠧ᠂ ᠪᠠᠶ ᡁᠢ ᠯᠦᠩ᠂ ᠵᠦ ᠯᠢ ᠬᠤᠸᠠ᠂ ᠾᠧ ᠶᠠᠨ ᠪᠢᠩ᠂ ᠭᠤᠤ ᠸᠧᠨ ᠵᠧᠩ᠂ ᠯᠢᠶᠠᠩ ᠴᠢᠩ᠂ ᠬᠠᠨ ᠵᠢᠶᠠᠨ ᠬᠤᠸᠠ᠂ ᠸᠠᠩ ᠱᠦ ᠶᠠᠨ᠂ ᠡᠤ ᠬᠠᠶ᠂ ᠹᠦ᠋ ᠷᠦᠢ᠂ ᠲᠢᠶᠠᠨ ᠪᠦᠦ ᠾᠧ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃    ᠶᠡᠭᠡ ᠬᠤᠷᠠᠯ ᠢ ᠵᠠᠩ ᠬᠤᠢ ᠡᠷᠬᠢᠯᠡᠪᠡ᠃
640 (1).jpg 
    ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 177 ᠬᠥᠮᠦᠨ᠂ ᠲᠤᠰ ᠤᠳᠠᠭ᠎ᠠ ᠶᠢᠨ ᠪᠦᠬᠦᠳᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ 159 ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃    ᠦᠳᠡ ᠶᠢᠨ ᠡᠮᠦᠨᠡᠬᠢ 8 ᠴᠠᠭ 30 ᠮᠢᠨᠦ᠋ᠲ ᠲᠤ᠂ ᠵᠠᠩ ᠬᠤᠢ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠬᠢᠯᠡᠭᠰᠡᠨ ᠢ ᠵᠠᠷᠯᠠᠪᠠ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠ᠃    ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠼᠦᠢ ᠬᠤᠩ ᠪᠥᠸᠧ ᠬᠡᠯᠡᠬᠦ ᠳᠡᠭᠡᠨ᠂ 2024 ᠣᠨ ᠳᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠠᠶᠢᠷᠤᠪ ᠤᠨ ᠲᠤᠬᠤᠢ ᠲᠣᠭᠤᠷᠢᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ︽ᠬᠤᠶᠠᠷ ᠶᠡᠭᠡ ᠶᠠᠪᠤᠳᠠᠯ︾᠎ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠪᠣᠯᠤᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾᠎ ᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠣᠭᠲᠠᠭᠤᠨ ᠤ ᠳᠤᠮᠳᠠ ᠤᠷᠤᠭᠰᠢᠯᠠᠬᠤ᠂ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠬᠦ᠂ ᠲᠣᠭᠲᠠᠭᠤᠨ ᠤ ᠳᠤᠮᠳᠠ ᠨᠥᠭᠡᠴᠡ ᠬᠦᠴᠦᠨ ᠢ ᠠᠬᠢᠭᠤᠯᠬᠤ ᠶᠢ ᠠᠬᠢᠭᠤᠯᠪᠠ᠃
640 (2).jpg   
    ᠼᠦᠢ ᠬᠤᠩ ᠪᠥᠸᠧ ᠬᠡᠯᠡᠭᠰᠡᠨ ᠨᠢ᠂ 2024᠎ ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠂ ᠨᠢᠭᠡ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠰᠠᠶᠢᠵᠢᠷᠠᠵᠤ᠂ ᠠᠮᠢ ᠠᠬᠤᠢ ᠶᠢᠨ ᠰᠠᠭᠤᠷᠢ ᠨᠡᠩ ᠦᠵᠡᠰᠬᠦᠯᠡᠩᠲᠦ ᠰᠠᠶᠢᠬᠠᠨ᠂ ᠬᠤᠲᠠ ᠬᠥᠳᠡᠭᠡ ᠶᠢᠨ ᠷᠢᠳᠢ ᠰᠢᠳᠢ ᠶᠢ ᠪᠦᠬᠦ ᠲᠠᠯ᠎ᠠ ᠪᠠᠷ ᠢᠯᠡᠷᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠪᠦᠬᠦ ᠲᠠᠯ᠎ᠠ ᠪᠠᠷ ᠨᠡᠮᠡᠭᠳᠡᠭᠦᠯᠵᠦ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ ᠪᠠᠶᠢᠵᠤ᠂ ᠬᠥᠭᠵᠢᠯᠲᠡ ᠶᠢᠨ ᠡᠯᠪᠡᠭ ᠪᠠᠶᠠᠯᠢᠭ ᠦᠷ᠎ᠡ ᠪᠦᠲᠦᠭᠡᠯ ᠢᠶᠠᠷ ᠬᠠᠶᠢᠷᠤᠪ ᠤᠨ ᠲᠣᠬᠤᠢ ᠲᠣᠭᠤᠷᠢᠭ ᠤᠨ ᠪᠦᠬᠦ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢᠨ ᠠᠮᠢᠳᠤᠯᠢᠭ ᠦᠢᠯᠡᠳᠦᠯᠭᠡ ᠶᠢ ᠪᠢᠴᠢᠭᠯᠡᠪᠡ᠃   ᠼᠦᠢ ᠬᠤᠩ ᠪᠥᠸᠧ ᠬᠡᠯᠡᠬᠦ ᠳᠡᠭᠡᠨ᠂ 2025᠎ ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠯᠡᠭᠡ ᠠᠴᠠ ︽ᠠᠷᠪᠠᠨ ᠲᠠᠪᠤᠳᠤᠭᠠᠷ ᠲᠠᠪᠤᠨ ᠵᠢᠯ︾᠎ ᠤᠨ ᠦᠷᠭᠦᠯᠵᠢᠯᠡᠨ ᠬᠥᠭᠵᠢᠬᠦ ᠵᠠᠩᠭᠢᠯᠠᠭ᠎ᠠ ᠶᠢᠨ ᠵᠢᠯ ᠪᠣᠯᠤᠨ᠎ᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠳᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠶᠢᠷᠤᠪ ᠤᠨ ᠲᠣᠬᠤᠶ ᠲᠣᠭᠤᠷᠢᠭ ᠤᠨ ᠪᠥᠬᠦ ᠬᠤᠲᠠ ᠶᠢᠨ ᠤᠯᠤᠰ ᠲᠥᠷᠥ ᠶᠢᠨ ᠲᠥᠪ ᠣᠷᠣᠨ᠂ ᠠᠵᠤ ᠠᠬᠤᠶ ᠶᠢᠨ ᠭᠤᠤᠯᠳᠠᠯᠭ᠎ᠠ ᠶᠢᠨ ᠣᠷᠣᠨ᠂ ᠬᠥᠮᠦᠨ ᠠᠮᠠ ᠶᠢ ᠲᠥᠪᠯᠡᠷᠡᠭᠦᠯᠦᠨ ᠳᠠᠭᠠᠭᠠᠨ ᠠᠪᠬᠤ ᠣᠷᠣᠨ ᠤ ᠳᠦᠷᠢ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠬᠠᠮᠤᠭ ᠤᠨ ᠰᠠᠶᠢᠨ ᠤᠬᠠᠮᠰᠠᠷ ᠢᠶᠠᠨ ᠴᠢᠩᠭᠠᠳᠬᠠᠵᠤ᠂ ︽ᠭᠤᠷᠪᠠ ᠶᠢ ᠲᠡᠷᠢᠭᠦᠨ ᠳᠤ ᠲᠠᠯᠪᠢᠬᠤ︾ ᠬᠠᠷᠠᠯᠲᠠ ᠪᠠᠨ ᠲᠣᠭᠲᠠᠭᠠᠵᠤ᠂ ︽ᠬᠠᠷᠠᠯᠲᠠ ᠪᠠᠨ ᠲᠣᠭᠲᠠᠭᠠᠵᠤ᠂ ᠬᠦᠴᠢᠷ ᠢ ᠰᠥᠷᠦᠨ ᠤᠷᠤᠭᠰᠢᠯᠠᠵᠤ᠂ ᠰᠢᠷᠭᠠᠭᠤ ᠠᠵᠢᠯᠯᠠᠨ ᠪᠣᠳᠠᠲᠠᠶ ᠠᠵᠢᠯᠯᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠬᠠᠶᠢᠷᠤᠪ ᠤᠨ ᠲᠣᠬᠤᠶ ᠲᠣᠭᠤᠷᠢᠭ ᠤᠨ ᠠᠵᠤ ᠠᠬᠤᠶ ᠨᠡᠶᠢᠭᠡᠮ ᠤᠨ ᠰᠢᠨᠵᠢᠯᠡᠬᠦ ᠤᠬᠠᠭᠠᠨᠴᠢ ᠬᠥᠭᠵᠢᠯᠲᠡ᠂ ᠪᠣᠬᠢᠷᠲᠤᠯ ᠥᠬᠡᠶ ᠬᠡᠯᠪᠡᠷᠢ ᠶᠢᠨ ᠬᠤᠪᠢᠷᠠᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠬᠡᠷᠡᠭᠴᠡᠭᠡ ᠶᠢ ᠥᠷᠭᠡᠳᠬᠡᠵᠦ᠂ ᠭᠤᠣᠯ ᠴᠣᠭᠴᠠ ᠶᠢ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠠᠵᠤ ᠠᠬᠤᠢ ᠶᠢᠨ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ︔ ᠬᠡᠪᠴᠢᠶ᠎ᠡ ᠶᠢ ᠲᠣᠭᠲᠠᠪᠤᠷᠢᠵᠢᠭᠤᠯᠬᠤ᠂ ᠪᠦᠲᠦᠴᠡ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠶ︔ ᠬᠠᠭᠤᠴᠢᠨ ᠲᠣᠭᠲᠠᠭᠠᠯ ᠢ ᠡᠪᠳᠡᠬᠦ᠂ ᠰᠢᠪᠲᠤᠯᠤᠯᠲᠠ ᠬᠢᠬᠦ ᠶᠢ ᠪᠠᠷᠢᠮᠲᠠᠯᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ︔ ᠬᠥᠬᠡᠮᠳᠦᠭ ᠤᠰᠤ ᠶᠢ ᠬᠠᠮᠠᠭᠠᠯᠠᠬᠤ᠂ ᠬᠥᠬᠡᠮᠳᠦᠭ ᠤᠰᠤ ᠶᠢ ᠰᠠᠬᠢᠬᠤ ᠶᠢ ᠪᠠᠷᠢᠮᠲᠠᠯᠠᠵᠤ᠂ ᠠᠮᠢ ᠠᠬᠤᠢ ᠶᠢᠨ ᠬᠠᠯᠬᠠᠪᠴᠢ ᠶᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ︔ ᠳᠤᠲᠠᠭᠤᠳᠠᠯ ᠢ ᠨᠥᠬᠦᠪᠥᠷᠢᠯᠡᠬᠦ᠂ ᠴᠢᠳᠠᠮᠵᠢ ᠶᠢ ᠴᠢᠩᠭᠠᠳᠬᠠᠬᠤ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠶᠠᠰᠤ ᠴᠢᠨᠠᠷ ᠢ ᠰᠡᠳᠬᠢᠯ ᠲᠠᠯᠪᠢᠨ ᠵᠢᠷᠤᠭᠯᠠᠬᠤ ᠬᠡᠷᠡᠭᠲᠡᠢ︔ ᠠᠷᠠᠳ ᠤᠨ ᠵᠣᠪᠠᠨᠢᠯ ᠢ ᠠᠷᠢᠯᠭᠠᠬᠤ᠂ ᠠᠷᠠᠳ ᠤᠨ ᠰᠡᠳᠬᠢᠯ ᠢ ᠲᠤᠯᠠᠭᠠᠴᠠᠭᠤᠯᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠶᠢ ᠴᠢᠩᠭᠠᠳᠬᠠᠬᠤ ᠬᠡᠷᠡᠭᠲᠡᠢ︔ ᠬᠤᠷᠢᠭ᠎ᠠ ᠱᠤᠭᠤᠮ ᠢ ᠰᠠᠬᠢᠬᠤ᠂ ᠬᠡᠮ ᠰᠣᠭᠤᠭ ᠢ ᠠᠷᠢᠯᠭᠠᠬᠤ ᠶᠢ ᠪᠠᠷᠢᠮᠲᠠᠯᠠᠵᠤ᠂ ᠠᠮᠤᠷ ᠲᠦᠪᠰᠢᠨ ᠤ ᠠᠵᠢᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠪᠡ᠃
640 (3).jpg   
    ᠼᠦᠢ ᠬᠤᠩ ᠪᠥᠸᠧ ᠬᠡᠯᠡᠭᠰᠡᠨ ᠨᠢ᠂ ᠰᠢᠨ᠎ᠡ ᠨᠢᠭᠡ ᠵᠢᠯ ᠳᠤ᠂ ᠰᠢᠨ᠎ᠡ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ ᠰᠢᠨ᠎ᠡ ᠦᠷ᠎ᠡ ᠪᠦᠲᠦᠮᠵᠢ ᠣᠯᠵᠤ᠂ ᠬᠠᠶᠢᠷᠤᠪ ᠤᠨ ᠲᠤᠬᠤᠢ ᠲᠣᠭᠤᠷᠢᠭ ᠤᠯᠤᠰ ᠲᠦᠷᠦ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠬᠠᠷᠢᠴᠠᠯᠠᠰᠢᠭᠦᠢ ᠦᠨᠡᠨᠴᠢ ᠰᠢᠳᠤᠷᠭᠤ ᠶᠢ ᠪᠠᠲᠤᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠵᠤ᠂ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠠᠷᠠᠳ ᠤᠨ ᠲᠥᠯᠥᠭᠡ ᠵᠢᠳᠬᠦᠬᠦ ᠵᠣᠷᠢᠯᠲᠠ ᠶᠢ ᠬᠢᠴᠢᠶᠡᠩᠭᠦ᠋ᠢᠯᠡᠨ ᠵᠢᠷᠤᠮᠯᠠᠵᠤ᠂ ᠠᠷᠢᠭᠤᠨ ᠴᠢᠬᠡᠴᠢ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ ᠴᠢᠷᠮᠠᠶᠢᠨ‌‍ᠪᠠᠶᠢᠭᠤᠯᠬᠤ ᠬᠡᠷᠡᠭᠲᠡᠢ ᠭᠡᠪᠡ᠃     ᠼᠦᠢ ᠬᠤᠩ ᠪᠥᠸᠧ ᠬᠠᠮᠤᠭ ᠤᠨ ᠰᠡᠭᠦᠯ ᠳᠤ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠲᠤᠭᠤᠷᠢᠭ ᠤᠨ ᠠᠷᠠᠳ ᠲᠦᠮᠡᠨ ᠳᠤ ᠴᠢᠩᠭ᠎ᠠ ᠲᠦᠰᠢᠭᠯᠡᠵᠦ᠂ ᠬᠠᠷᠠᠯᠲᠠ ᠪᠠᠨ ᠲᠣᠭᠲᠠᠭᠠᠵᠤ᠂ ᠬᠦᠴᠢᠷ ᠢ ᠰᠦᠷᠦᠨ ᠤᠷᠤᠭᠰᠢᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠭᠤᠣᠯ ᠬᠤᠳᠠ ᠶᠢᠨ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠵᠦ᠂ ︽ᠰᠢᠨ᠎ᠡ ᠵᠠᠮ ᠢᠶᠠᠷ ᠤᠷᠤᠭᠰᠢᠯᠠᠵᠤ ᠲᠤᠮᠳᠠ ᠲᠦᠪᠰᠢᠨ ᠲᠤ ᠪᠤᠴᠠᠬᠤ︾ ᠬᠠᠷᠠᠯᠲᠠ ᠲᠡᠰᠢ ᠯᠠᠪᠳᠠᠭᠤᠨ ᠪᠠᠲᠤᠲᠠᠢ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕
640 (4).jpg    
    ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠼᠤᠤ ᠬᠤᠢ ᠰᠢᠶᠠᠨ ᠶᠡᠭᠡ ᠬᠤᠷᠠᠯ ᠳᠤ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ
    640 (5).jpg   
    ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢ ᠱᠢ ᠴᠤᠤ ᠶᠡᠭᠡ ᠬᠤᠷᠠᠯ ᠳᠤ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ᠃
640 (6).jpg   
    ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠷᠧᠨ ᠶᠦᠩ ᠶᠡᠭᠡ ᠬᠤᠷᠠᠯ ᠳᠤ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ        ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠶᠡᠭᠡ ᠬᠤᠷᠠᠯ ᠠᠴᠠ ︽ᠬᠠᠶᠢᠷᠤᠪ ᠤᠨ ᠲᠤᠬᠤᠢ ᠲᠣᠭᠤᠷᠢᠭ ᠤᠨ 2024 ᠣᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2025 ᠣᠨ ᠤ ᠲᠥᠯᠥᠪᠯᠡᠭᠡ ︵ᠲᠥᠰᠦᠯ︶᠎ ᠶᠢᠨ ᠮᠡᠳᠡᠭᠦᠯᠦᠯᠲᠡ︾᠂ ︽ᠬᠠᠶᠢᠷᠤᠪ ᠤᠨ ᠲᠤᠬᠤᠢ ᠲᠣᠭᠤᠷᠢᠭ ᠤᠨ 2024 ᠣᠨ ᠤ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠵᠢᠴᠢ 2025 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶᠎ ᠤᠨ ᠮᠡᠳᠡᠭᠦᠯᠦᠯᠲᠡ︾᠂ ︽2024 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ︾ ᠪᠣᠯᠤᠨ ︽2025 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠮᠡᠳᠡᠭᠦᠯᠦᠯᠲᠡ︾᠎ ᠶᠢ ᠬᠢᠨᠠᠨ ᠵᠥᠪᠯᠡᠪᠡ᠃    ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ ᠵᠧᠨ ᠷᠦᠢ᠂ ᠾᠧ ᠮᠧᠢ ᠯᠢ᠂ ᠴᠢᠶᠣᠤ ᠬᠤᠢ ᠫᠢᠩ᠂ ᠯᠢ ᠱᠢ ᠴᠤᠤ᠂ ᠷᠧᠨ ᠶᠦᠩ᠂ ᠯᠢᠦ ᠰᠢᠶᠤᠤ᠂ ᠾᠧ ᠹᠧᠩ᠂ ᠯᠢᠦᠢ ᠳ᠋ᠠᠨ᠂ ᠾᠧ ᠬᠠᠢ ᠶᠦᠨ᠂ ᠭᠦᠸᠧ ᠵᠧᠨ ᠠᠢ᠂ ᠵᠠᠩ ᠭᠤᠤ ᠸᠠᠩ ᠪᠣᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ ᠪᠤᠢ᠃     ᠬᠠᠤᠯᠢ ᠪᠠᠷ ᠲᠣᠭᠲᠠᠭᠠᠭᠰᠠᠨ ᠰᠤᠯᠠ ᠣᠷᠣᠯᠴᠠᠬᠤ ᠪᠠ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠠᠴᠠ ᠲᠣᠭᠲᠠᠭᠠᠭᠰᠠᠨ ᠰᠤᠯᠠ ᠣᠷᠣᠯᠴᠠᠬᠤ ᠬᠥᠮᠦᠰ ᠢ ᠭᠠᠷᠭᠠᠪᠠᠯ᠂ ᠲᠥᠯᠥᠭᠡᠯᠡᠭᠴᠢ ᠪᠢᠰᠢ ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠤᠨ ᠣᠨᠴᠠ ᠤᠷᠢᠭᠰᠠᠨ ᠬᠤᠷᠠᠯ ᠳᠤ ᠣᠷᠣᠯᠴᠠᠵᠤ᠂ ᠲᠤᠭᠤᠷᠢᠭ ᠤᠨ ᠵᠠᠰᠠᠭ ᠤᠨ ᠣᠷᠳᠣᠨ ᠤ ᠪᠦᠷᠢᠯᠳᠦᠬᠦᠨ ᠪᠢᠰᠢ ᠲᠤᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠰᠠᠯᠠᠭ᠎ᠠ ᠮᠥᠴᠢᠷ ᠪᠠ ᠣᠯᠠᠨ ᠲᠦᠮᠡᠨ ᠤ ᠪᠦᠯᠬᠦᠮ ᠤᠨ ᠬᠠᠷᠢᠭᠤᠴᠠᠯᠭᠠᠲᠠᠨ᠂ ᠲᠤᠭᠤᠷᠢᠭ ᠤᠨ ᠰᠢᠭᠤᠳ ᠬᠠᠷᠢᠶ᠎ᠠ ᠬᠡᠰᠡᠭ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠲᠤᠭᠤᠷᠢᠭ ᠲᠤ ᠰᠠᠭᠤᠭ᠎ᠠ ᠬᠡᠰᠡᠭ ᠬᠠᠮᠢᠶᠠᠷᠤᠯᠲᠠ ᠶᠢᠨ ᠨᠢᠭᠡᠴᠡ ᠶᠢᠨ ᠬᠠᠷᠢᠭᠤᠴᠠᠯᠭᠠᠲᠠᠨ᠂ ᠬᠡᠰᠡᠭ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃       
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号