ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠲᠡᠭᠦᠰᠪᠡ  ᠭᠦᠸᠧ ᠢ ᠵᠢᠶᠧ  ᠼᠦᠢ ᠬᠤᠩ ᠪᠥᠸᠧ  ᠼᠤᠤ ᠬᠤᠢ ᠰᠢᠶᠠᠨ ᠬᠤᠷᠠᠯ ᠳᠤ ᠤᠷᠤᠯᠴᠠᠪᠠ  ᠭᠤᠸ ᠳ᠋ᠧᠩ ᠴᠧᠩ ᠬᠤᠷᠠᠯ ᠡᠷᠭᠢᠯᠡᠵᠦ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/1/6
    ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠲᠡᠭᠦᠰᠪᠡ    ᠭᠦᠸᠧ ᠢ ᠵᠢᠶᠧ ᠼᠦᠢ ᠬᠤᠩ ᠪᠥᠸᠧ ᠼᠤᠤ ᠬᠤᠢ ᠰᠢᠶᠠᠨ ᠬᠤᠷᠠᠯ ᠳᠤ ᠣᠷᠣᠯᠴᠠᠵᠤ ᠭᠤᠤ ᠳ᠋ᠧᠩ ᠴᠧᠩ ᠬᠤᠷᠠᠯ ᠢ ᠡᠷᠬᠢᠯᠡᠵᠤ ᠶᠠᠷᠢᠶ᠎ᠠ ᠲᠠᠯᠪᠢᠪᠠ    1 ᠰᠠᠷ᠎ᠠ ᠶᠢᠨ 4᠎ ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠠᠮᠵᠢᠯᠲᠠ ᠲᠠᠢ ᠲᠡᠭᠦᠰᠪᠡ᠃
640.jpg   
    ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠤᠤ ᠳ᠋ᠧᠩ ᠴᠧᠩ ᠲᠡᠭᠦᠰᠬᠦ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠳᠡᠳ᠋ ᠲᠡᠷᠢᠭᠦᠯᠡᠭᠴᠢ ᠲᠢᠶᠠᠨ ᠪᠤᠣ ᠾᠧ᠂ ᠵᠧᠨ ᠷᠦᠢ᠂ ᠾᠧ ᠮᠧᠶ ᠯᠢ᠂ ᠴᠢᠶᠣᠤ ᠬᠤᠢ ᠫᠢᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃
640 (1).jpg   
    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠼᠤᠤ ᠬᠤᠢ ᠰᠢᠶᠠᠨ ᠵᠢᠴᠢ ᠪᠤᠰᠤᠳ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ᠂ ᠲᠣᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ ᠤᠷᠢᠯᠭ᠎ᠠ ᠪᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃    ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶ᠎ᠠ ᠨᠡᠶᠢᠳᠡ 128 ᠭᠡᠰᠢᠭᠦᠨ ᠲᠠᠢ᠂ ᠲᠡᠭᠦᠰᠬᠦ ᠶᠡᠭᠡ ᠬᠤᠷᠠᠯ ᠳᠤ ᠣᠷᠣᠯᠴᠠᠭᠰᠠᠨ ᠭᠡᠰᠢᠭᠦᠨ 109 ᠬᠥᠮᠦᠨ ᠪᠠᠶᠢᠵᠤ᠂ ︽ᠤᠯᠤᠰ ᠲᠦᠷᠦ ᠶᠢᠨ ᠵᠥᠪᠯᠡᠯᠭᠡᠨ ᠤ ᠲᠦᠷᠢᠮ︾᠎ ᠤᠨ ᠲᠣᠭᠲᠠᠭᠠᠯ ᠳᠤ ᠨᠡᠶᠢᠴᠡᠪᠡ᠃    ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠤᠯᠤᠰ ᠲᠦᠷᠦ ᠶᠢᠨ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ︔ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ︔ ᠶᠢᠰᠦᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ︔ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃
640 (2).jpg   
    ᠭᠤᠤ ᠳ᠋ᠧᠩ ᠴᠧᠩ ᠬᠡᠯᠡᠭᠰᠡᠨ ᠨᠢ᠂ ᠤᠯᠤᠰ ᠲᠦᠷᠦ ᠶᠢᠨ ᠵᠥᠪᠯᠡᠯᠭᠡᠨ ᠤ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠤᠷᠠᠯ ᠪᠣᠯ ᠪᠦᠬᠦ ᠲᠤᠭᠤᠷᠢᠭ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠰᠢᠨ᠎ᠡ ᠵᠠᠮ ᠢ ᠨᠡᠭᠡᠭᠡᠵᠦ᠂ ᠲᠤᠮᠳᠠ ᠲᠦᠪᠰᠢᠨ ᠳᠤ ᠤᠷᠤᠬᠤ︾ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠃ ᠬᠤᠷᠠᠯ ᠤᠨ ᠬᠤᠭᠤᠴᠠᠭᠠᠨ ᠳᠤ᠂ ᠭᠡᠰᠢᠭᠦᠳ ᠥᠩᠭᠡᠷᠡᠭᠰᠡᠨ ᠨᠢᠭᠡ ᠵᠢᠯ ᠳᠤ ᠲᠤᠭᠤᠷᠢᠭ ᠤᠨ ᠨᠠᠮ ᠤᠨ ᠬᠤᠷᠢᠶ᠎ᠠ ᠪᠦᠬᠦ ᠲᠤᠭᠤᠷᠢᠭ ᠳᠠᠶᠠᠭᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠯᠢ ᠤᠯᠠᠨ ᠪᠠᠴᠢᠮ ᠶᠠᠪᠤᠳᠠᠯ ᠬᠦᠴᠢᠷ ᠶᠠᠪᠤᠳᠠᠯ ᠢ ᠰᠢᠢᠳᠪᠦᠷᠢᠯᠡᠵᠦ᠂ ᠠᠯᠢ ᠤᠯᠠᠨ ᠪᠣᠳᠠᠲᠤ ᠶᠠᠪᠤᠳᠠᠯ ᠰᠠᠶᠢᠨ ᠶᠠᠪᠤᠳᠠᠯ ᠢ ᠪᠦᠲᠦᠭᠡᠵᠦ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠨᠡᠩ ᠪᠠᠲᠤᠳᠬᠠᠵᠤ᠂ ᠡᠷᠡᠯᠬᠡᠭᠯᠡᠨ ᠤᠷᠤᠭᠰᠢᠯᠠᠬᠤ ᠬᠥᠳᠡᠯᠭᠡᠬᠦ ᠬᠦᠴᠦᠨ ᠢᠶᠠᠨ ᠴᠢᠩᠭᠠᠳᠬᠠᠵᠠᠢ᠃ ᠭᠡᠰᠢᠭᠦᠳ ᠡᠯ᠎ᠡ ᠵᠦᠢᠯ ᠤᠨ ᠢᠯᠡᠳᠬᠡᠯ ᠢ ᠨᠠᠷᠢᠨ ᠬᠢᠨᠠᠮᠠᠭᠠᠢ ᠬᠢᠨᠠᠨ ᠶᠠᠷᠢᠯᠴᠠᠵᠤ᠂ ᠪᠦᠬᠦ  ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠤᠨ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠤᠯᠤᠰ ᠲᠦᠷᠦ ᠶᠢᠨ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠲᠡᠦᠬᠡᠨ ᠡᠭᠦᠷᠭᠡᠲᠦ ᠰᠡᠳᠬᠢᠯᠭᠡ ᠶᠢ ᠭᠦᠢᠴᠡᠳ ᠢᠯᠡᠷᠡᠭᠦᠯᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠶᠠᠪᠤᠳᠠᠯ ᠢ ᠵᠥᠪᠯᠡᠭᠰᠡᠨ ᠰᠠᠶᠢᠨ ᠦᠷ᠎ᠡ ᠪᠦᠲᠦᠭᠡᠯ ᠣᠯᠪᠠ᠃ ᠡᠨᠡ ᠪᠣᠯ ᠠᠷᠠᠳᠴᠢᠯᠠᠯ ᠢ ᠪᠠᠳᠠᠷᠠᠭᠤᠯᠤᠭᠰᠠᠨ᠂ ᠪᠦᠯᠬᠦᠮᠳᠡᠯ ᠢ ᠴᠢᠩᠭᠠᠳᠬᠠᠬᠰᠠᠨ᠂ ᠪᠣᠳᠠᠲᠠᠢ ᠶᠢ ᠡᠷᠬᠢᠮᠯᠡᠭᠰᠡᠨ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠤᠭᠰᠠᠨ ᠨᠢᠭᠡ ᠤᠳᠠᠭ᠎ᠠ ᠶᠢᠨ ᠶᠡᠭᠡ ᠬᠤᠷᠠᠯ ᠪᠣᠯᠤᠨ᠎ᠠ ᠭᠡᠪᠡ᠃   ᠭᠤᠤ ᠳ᠋ᠧᠩ ᠴᠧᠩ ᠬᠡᠯᠡᠭᠰᠡᠨ ᠨᠢ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠳᠠᠭᠤᠰᠬᠠᠬᠤ ᠵᠢᠯ ᠪᠣᠯᠤᠨ᠎ᠠ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠪᠠᠶᠢᠷᠢᠯᠠᠭᠤᠯᠬᠤ ᠵᠢᠯ ᠪᠣᠯᠤᠨ᠎ᠠ᠃ ᠰᠢᠨ᠎ᠡ ᠨᠢᠭᠡ ᠵᠢᠯ ᠳᠤ᠂ ᠪᠢᠳᠡ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ︽ᠪᠦᠬᠦ ᠬᠤᠳᠠ ᠶᠢᠨ ᠤᠯᠤᠰ ᠲᠦᠷᠦ ᠶᠢᠨ ᠭᠤᠣᠯ ᠲᠣᠭᠤᠷᠢᠭ᠂ ᠠᠵᠤ ᠠᠬᠤᠢ ᠶᠢᠨ ᠭᠤᠣᠯᠳᠠᠯᠭ᠎ᠠ ᠶᠢᠨ ᠲᠣᠭᠤᠷᠢᠭ᠂ ᠬᠥᠮᠦᠨ ᠠᠮᠠ ᠶᠢ ᠲᠥᠪᠯᠡᠷᠡᠭᠦᠯᠦᠨ ᠳᠠᠭᠠᠭᠠᠬᠤ︾ ᠲᠦᠷᠢ ᠲᠦᠷᠬᠦ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ︽ᠰᠢᠨ᠎ᠡ ᠵᠠᠮ ᠢᠶᠠᠷ ᠤᠷᠤᠭᠰᠢᠯᠠᠵᠤ ᠳᠤᠮᠳᠠ ᠲᠦᠪᠰᠢᠨ ᠳᠤ ᠪᠤᠴᠠᠬᠤ︾ ᠲᠡᠮᠡᠴᠡᠬᠦ ᠬᠠᠷᠠᠯᠲᠠ ᠶᠢ ᠲᠣᠭᠲᠠᠭᠠᠵᠤ᠂ ︽ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠤᠷᠢᠳᠠᠪᠠᠷ ᠪᠡᠶᠡᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ︾ 5 ᠲᠠᠯ᠎ᠠ ᠶᠢᠨ ᠠᠵᠢᠯ ᠤᠨ ᠡᠭᠦᠷᠭᠡ ᠶᠢ ᠪᠠᠶᠢᠷᠢᠯᠠᠭᠤᠯᠬᠤ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ᠂ ᠪᠦᠬᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠰᠢᠨᠵᠢᠯᠡᠬᠦ ᠤᠬᠠᠭᠠᠨᠴᠢ ᠬᠥᠭᠵᠢᠯᠲᠡ᠂ ᠪᠣᠬᠢᠷᠲᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠤᠯᠤᠰ ᠲᠦᠷᠦ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠠᠢ᠃ ᠤᠯᠤᠰ ᠲᠦᠷᠦ ᠶᠢᠨ ᠵᠠᠷᠴᠢᠮ ᠢ ᠪᠠᠲᠤ ᠰᠠᠬᠢᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠶᠡᠷᠦᠩᠬᠡᠶᠢᠯᠡᠨ ᠵᠢᠯᠣᠭᠤᠳᠬᠤ ᠶᠡᠷᠦᠩᠬᠡᠢ ᠬᠥᠲᠥᠯᠪᠦᠷᠢ ᠪᠣᠯᠭᠠᠵᠤ᠂ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠪᠦᠬᠦ ᠲᠠᠯ᠎ᠠ ᠳᠤ ᠦᠢᠯᠡᠴᠢᠯᠡᠬᠦ ᠶᠢ  ᠪᠠᠷᠢᠮᠳᠠᠯᠠᠨ᠎ᠠ᠃ ᠠᠵᠤ ᠠᠬᠤᠶ ᠶᠢᠨ ᠬᠥᠭᠵᠢᠯᠲᠡ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠦᠢᠯᠡᠴᠢᠯᠡᠭᠡᠨ ᠤ ᠦᠢᠯᠡᠰ ᠤᠨ ᠲᠠᠰ ᠳᠡᠪᠰᠢᠬᠦ᠂ ᠲᠠᠷᠢᠶᠠᠯᠠᠩ ᠤᠨ ᠴᠢᠨᠠᠷ ᠰᠠᠶᠢᠲᠠᠶ ᠰᠣᠳᠣᠨ ᠬᠥᠭᠵᠢᠯᠲᠡ ᠵᠡᠷᠭᠡ ᠲᠠᠢ ᠨᠢᠭᠲᠠ ᠤᠶᠠᠯᠳᠤᠭᠤᠯᠤᠨ᠂ ᠰᠤᠳᠤᠯᠭᠠᠨ ᠤ ᠰᠡᠳᠦᠪ ᠤᠨ ᠰᠤᠳᠤᠯᠭᠠᠨ ᠢ ᠭᠦᠨᠵᠡᠭᠡᠶ ᠥᠷᠨᠢᠭᠦᠯᠵᠦ᠂ ᠴᠢᠨᠠᠷ ᠰᠠᠶᠢᠲᠠᠶ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠷ ᠲᠤᠭᠤᠷᠢᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠠᠰᠢᠭᠲᠠᠢ ᠯᠠᠪᠯᠠᠯᠲᠠ ᠬᠠᠩᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠵᠤ ᠠᠬᠤᠶ ᠶᠢᠨ ᠬᠥᠭᠵᠢᠯᠲᠡ ᠶᠢ ᠳᠥᠯᠭᠢᠨ ᠠᠬᠢᠭᠤᠯᠬᠤ ᠶᠢᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠬᠠᠷᠢᠯᠴᠠᠭ᠎ᠠ ᠥᠷᠭᠡᠨ ᠳᠡᠯᠭᠡᠷ ᠪᠠᠶᠢᠬᠤ ᠳᠠᠪᠠᠭᠤᠯᠢᠭ ᠢ ᠪᠠᠳᠠᠷᠠᠭᠤᠯᠤᠨ᠂ ᠢᠳᠡᠪᠬᠢᠲᠡᠶ ᠪᠠᠷ ᠤᠬᠠᠭᠤᠯᠤᠨ ᠲᠠᠨᠢᠯᠴᠠᠭᠤᠯᠵᠤ᠂ ᠬᠥᠭᠦᠷᠭᠡ ᠬᠤᠯᠪᠣᠭᠠᠰᠤ ᠪᠣᠯᠵᠣ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠳᠤ ᠬᠦᠴᠦᠨ ᠨᠡᠮᠡᠷᠢᠯᠡᠪᠡ᠃ ᠠᠷᠠᠳᠴᠢᠯᠠᠯ ᠪᠦᠯᠬᠦᠮᠳᠡᠯ ᠢ ᠤᠶᠢᠯᠡᠳᠤᠯᠭᠡᠵᠢᠭᠦᠯᠬᠦ ᠬᠡᠷᠡᠭᠲᠡᠶ᠃ ᠬᠠᠮᠲᠤ ᠶᠢᠨ ᠲᠠᠨᠢᠯᠲᠠ ᠪᠠᠨ ᠥᠷᠭᠡᠳᠬᠡᠬᠦ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠠᠵᠢᠯ ᠢ ᠰᠠᠶᠢᠲᠤᠷ ᠬᠢᠵᠦ᠂ ᠡᠯ᠎ᠡ ᠲᠠᠯ᠎ᠠ᠂ ᠡᠯ᠎ᠡ ᠬᠦᠷᠢᠶᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠵᠤ᠂ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠡᠷᠢᠯᠬᠢᠯᠡᠵᠦ᠂ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠵᠢᠷᠤᠵᠤ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠦᠨ᠎ᠡ᠃ ᠲᠤᠰ ᠪᠡᠶ᠎ᠡ ᠶᠢᠨ ᠪᠠᠶᠢᠭᠤᠯᠤᠯᠲᠠ ᠪᠠᠨ ᠠᠬᠢᠭᠤᠯᠵᠤ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠪᠠᠶᠢᠭᠤᠯᠭ᠎ᠠ ᠶᠢᠨ ᠨᠠᠮ ᠤᠨ ᠡᠭᠦᠷ᠂ ᠲᠤᠰᠬᠠᠢ ᠵᠥᠪᠯᠡᠯ ᠤᠨ ᠨᠠᠮ ᠤᠨ ᠳᠤᠭᠤᠶᠢᠯᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ︽ᠨᠢᠭᠡᠳᠦᠭᠡᠷ ᠹᠷᠣᠨᠲ︾᠎ ᠤᠨ ᠤᠬᠠᠮᠰᠠᠷ ᠢ ᠴᠢᠩᠭᠠᠳᠬᠠᠵᠤ᠂ ︽ᠲᠡᠷᠢᠭᠦᠨ ᠵᠡᠷᠭᠡ︾᠎ ᠶᠢᠨ ᠪᠠᠷᠢᠮᠵᠢᠶ᠎ᠠ ᠶᠢ ᠪᠠᠲᠤ ᠪᠤᠢ ᠪᠣᠯᠭᠠᠵᠤ᠂ ᠤᠯᠤᠰ ᠲᠦᠷᠦ ᠶᠢᠨ ᠲᠠᠯ᠎ᠠ ᠪᠠᠷ ᠴᠢᠩᠭ᠎ᠠ᠂ ᠬᠡᠪ ᠴᠢᠨᠠᠷ ᠢᠶᠠᠷ ᠥᠨᠳᠥᠷ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠢᠶᠠᠷ ᠰᠠᠶᠢᠨ ᠤᠯᠤᠰ ᠲᠦᠷᠦ ᠶᠢᠨ ᠵᠥᠪᠯᠡᠯᠭᠡᠨ ᠤ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠪᠡ᠃
640 (3).jpg   
    ᠸᠠᠩ ᠵᠢᠤᠸᠠᠨ᠂ ᠪᠠᠶ ᡁᠢ ᠯᠦᠩ᠂ ᠵᠦ ᠯᠢ ᠬᠤᠸᠠ᠂ ᠾᠧ ᠶᠠᠨ ᠪᠢᠩ᠂ ᠭᠤᠤ ᠸᠧᠨ ᠵᠧᠩ᠂ ᠯᠢᠶᠠᠩ ᠴᠢᠩ᠂ ᠹᠧᠩ ᠰᠢᠤ ᠮᠧᠶ᠂ ᠫᠧᠩ ᠮᠢᠩ ᠯᠢᠨ᠂ ᠵᠠᠩ ᠾᠦᠢ᠂ ᠯᠢᠦ ᠭᠠᠩ᠂ ᠬᠠᠨ ᠵᠢᠶᠠᠨ ᠬᠤᠸᠠ᠂ ᠵᠠᠩ ᠯᠦ ᠫᠢᠩ᠂ ᠸᠠᠩ ᠱᠦ ᠶᠠᠨ᠂ ᠡᠤ ᠬᠠᠶ᠂ ᠹᠦ᠋ ᠷᠦᠢ᠂ ᠯᠢ ᠱᠢ ᠴᠤᠤ᠂ ᠷᠧᠨ ᠶᠦᠩ᠂ ᠸᠠᠩ ᠢᠦᠶ ᠹᠸᠢ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃   ᠲᠤᠭᠤᠷᠢᠭ ᠤᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠣᠯᠠᠨ ᠲᠦᠮᠡᠨ ᠤ ᠪᠦᠯᠬᠦᠮ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠲᠤᠭᠤᠷᠢᠭ ᠲᠤ ᠰᠠᠭᠤᠭ᠎ᠠ ᠬᠤᠯᠪᠣᠭᠳᠠᠯ ᠪᠥᠬᠦᠶ ᠨᠢᠭᠡᠴᠡ ᠪᠠ ᠲᠤᠭᠤᠷᠢᠭ ᠤᠨ ᠬᠠᠷᠢᠶ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤᠷᠢᠯᠭ᠎ᠠ ᠪᠠᠷ ᠲᠡᠭᠦᠰᠬᠦ ᠶᠡᠭᠡ ᠬᠤᠷᠠᠯ ᠳᠤ ᠣᠷᠣᠯᠴᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号