ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠲᠡᠭᠦᠰᠪᠡ ᠭᠦᠸᠧ ᠢ ᠵᠢᠶᠧ ᠼᠦᠢ | ᠬᠤᠩ ᠪᠥᠸᠧ ᠭᠤᠤ ᠳ᠋ᠧᠩ ᠴᠧᠩ ᠬᠤᠷᠠᠯ ᠳᠤ ᠤᠷᠤᠯᠴᠠᠪᠠ ᠼᠤᠤ ᠬᠤᠢ ᠰᠢᠶᠠᠨ ᠬᠤᠷᠠᠯ ᠢ ᠡᠷᠬᠢᠯᠡᠪᠡ | ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ | ᠠᠮᠵᠢᠯᠲᠠ ᠲᠠᠢ ᠪᠡᠶᠡᠯᠡᠭᠦᠯᠦᠭᠰᠡᠨ ᠤ ᠲᠠᠷᠠᠭ᠎ᠠ᠂ 1 ᠰᠠᠷ᠎ᠠ ᠶᠢᠨ 5 ᠤ ᠡᠳᠦᠷ ᠲᠡᠭᠦᠰᠪᠡ᠃ | | ᠭᠦᠸᠧ ᠢ ᠵᠢᠶᠧ᠂ ᠼᠦᠢ ᠬᠤᠩ ᠪᠥᠸᠧ᠂ ᠼᠤᠤ ᠬᠤᠢ ᠰᠢᠶᠠᠨ᠂ ᠭᠤᠤ ᠳ᠋ᠧᠩ ᠴᠧᠩ᠂ ᠸᠠᠩ ᠵᠢᠤᠸᠠᠨ᠂ | ᠫᠧᠩ ᠮᠢᠩ ᠯᠢᠨ᠂ ᠹᠧᠩ ᠰᠢᠤ ᠮᠧᠢ᠂ ᠵᠠᠩ ᠬᠤᠢ᠂ ᠯᠢᠦ ᠭᠠᠩ ᠨᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ | ᠮᠥᠷ ᠲᠤ ᠰᠠᠭᠠᠲᠠᠪᠠ᠃ | ᠪᠠᠢ ᡁᠢ ᠯᠦᠩ᠂ ᠵᠦ ᠯᠢ ᠬᠤᠸᠠ᠂ ᠭᠤᠤ ᠸᠧᠨ ᠵᠧᠩ᠂ ᠾᠧ ᠶᠠᠨ ᠪᠢᠩ᠂ ᠯᠢᠶᠠᠩ ᠴᠢᠩ᠂ ᠵᠠᠩ ᠯᠦ ᠫᠢᠩ᠂ | ᠸᠠᠩ ᠱᠦ ᠶᠠᠨ᠂ ᠦ᠋ ᠬᠠᠢ᠂ ᠹᠦ᠋ ᠷᠦᠢ᠂ ᠲᠢᠶᠠᠨ ᠪᠦᠦ ᠾᠧ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠼᠤᠤ ᠬᠤᠢ ᠰᠢᠶᠠᠨ ᠲᠡᠭᠦᠰᠬᠦ ᠶᠡᠭᠡ ᠬᠤᠷᠠᠯ ᠢ ᠡᠷᠬᠢᠯᠡᠪᠡ᠃ | | ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠤ ᠣᠷᠣᠯᠴᠠᠬᠤ ᠶᠣᠰᠣᠲᠠᠢ | ᠲᠥᠯᠥᠭᠡᠯᠡᠭᠴᠢ 177 ᠬᠥᠮᠦᠨ᠂ ᠲᠤᠰ ᠤᠳᠠᠭ᠎ᠠ ᠶᠢᠨ ᠪᠦᠬᠦᠳᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ | 157 ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ | ᠬᠤᠷᠠᠯ ᠠᠴᠠ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠤᠨ ᠲᠤᠬᠠᠢ ᠰᠢᠢᠳᠪᠦᠷᠢ᠂ ᠬᠠᠶᠢᠷᠤᠪ ᠤᠨ ᠲᠤᠬᠤᠢ ᠲᠣᠭᠤᠷᠢᠭ ᠤᠨ 2024 ᠣᠨ ᠤ ᠤᠯᠤᠰ | ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ | ᠪᠣᠯᠤᠨ 2025 ᠣᠨ ᠤ ᠲᠥᠯᠥᠪᠯᠡᠭᠡ ᠶᠢᠨ ᠰᠢᠢᠳᠪᠦᠷᠢ᠂ ᠬᠠᠶᠢᠷᠤᠪ ᠤᠨ ᠲᠤᠬᠤᠢ ᠲᠣᠭᠤᠷᠢᠭ ᠤᠨ 2024 | ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ 2025 ᠣᠨ ᠤ ᠡᠳ᠋ ᠤᠨ ᠵᠠᠰᠠᠭ ᠤᠨ | ᠲᠥᠰᠦᠪ ᠤᠨ ᠰᠢᠢᠳᠪᠦᠷᠢ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠬᠠᠶᠢᠷᠤᠪ ᠤᠨ | ᠲᠤᠬᠤᠢ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ | ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ | ᠲᠤᠬᠠᠢ ᠰᠢᠢᠳᠪᠦᠷᠢ ᠶᠢ ᠪᠠᠲᠤᠯᠠᠪᠠ᠃ | | ᠡᠯ᠎ᠡ ᠵᠥᠪᠯᠡᠬᠦ ᠵᠦᠢᠯ ᠢᠶᠠᠨ ᠳᠠᠭᠤᠰᠬᠠᠭᠰᠠᠨ ᠤ ᠳᠠᠷᠠᠭ᠎ᠠ᠂ ᠼᠤᠤ ᠬᠤᠢ ᠰᠢᠶᠠᠨ ᠶᠠᠷᠢᠶ᠎ᠠ ᠲᠠᠯᠪᠢᠪᠠ᠃ ᠲᠡᠷᠡ᠂ | ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠨᠠᠮ ᠪᠣᠯᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ | ᠡᠭᠦᠷᠭᠡᠯᠡᠵᠦ᠂ ᠬᠡᠬᠦᠳᠡᠭ ᠳᠦᠭᠦᠷᠡᠩ ᠤᠯᠤᠰ ᠲᠦᠷᠦ ᠶᠢᠨ ᠬᠠᠯᠠᠭᠤᠨ ᠰᠡᠳᠬᠢᠯᠭᠡ ᠪᠣᠯᠤᠨ ᠴᠤᠭ ᠪᠠᠳᠠᠷᠠᠩᠭᠤᠢ | ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠮᠡᠳᠡᠭᠦᠯᠦᠯᠲᠡ ᠶᠢ ᠬᠢᠨᠠᠨ ᠵᠥᠪᠯᠡᠵᠦ᠂ ᠨᠠᠷᠢᠨ ᠬᠢᠨᠠᠮᠠᠭᠠᠢ | ᠬᠠᠷᠢᠭᠤᠴᠠᠯᠭ᠎ᠠ ᠲᠠᠢ ᠪᠠᠷ ᠰᠣᠩᠭᠤᠭᠤᠯᠢ ᠳᠤ ᠣᠷᠣᠯᠴᠠᠵᠤ᠂ ᠬᠤᠷᠠᠯ ᠤᠨ ᠦᠷ᠎ᠡ ᠪᠦᠲᠦᠭᠡᠯ ᠨᠢ ᠨᠠᠮ ᠤᠨ ᠵᠣᠷᠢᠯᠲᠠ | ᠪᠣᠯᠤᠨ ᠠᠷᠠᠳ ᠲᠦᠮᠡᠨ ᠤ ᠵᠣᠷᠢᠭ ᠰᠠᠨᠠᠭᠠᠨ ᠤ ᠨᠢᠭᠡᠳᠦᠯ ᠢ ᠭᠦᠢᠴᠡᠳ ᠢᠯᠡᠷᠡᠭᠦᠯᠵᠦ᠂ ᠪᠦᠬᠦ ᠶᠠᠪᠤᠴᠠ ᠶᠢᠨ | ᠠᠷᠠᠳ ᠤᠨ ᠠᠷᠠᠳᠴᠢᠯᠠᠯ ᠪᠣᠯᠤᠨ ᠤᠯᠤᠰ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ ᠤᠨ ᠢᠯᠡᠳᠲᠡ | ᠳᠠᠪᠠᠭᠤᠯᠢᠭ ᠢ ᠢᠯᠡᠷᠡᠭᠦᠯᠵᠡᠢ᠃ ᠶᠡᠭᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ᠡᠯ᠎ᠡ ᠵᠦᠢᠯ ᠤᠨ | ᠮᠡᠳᠡᠭᠦᠯᠦᠯᠲᠡ ᠪᠣᠯᠤᠨ ᠰᠢᠢᠳᠪᠦᠷᠢ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠪᠦᠬᠦ | ᠲᠥᠯᠥᠭᠡᠯᠡᠭᠴᠢᠳ ᠤᠨ ᠬᠠᠮᠲᠤ ᠶᠢᠨ ᠤᠶᠤᠨ ᠤᠬᠠᠭᠠᠨ ᠢ ᠨᠢᠭᠲᠠᠷᠠᠭᠤᠯᠵᠤ᠂ ᠪᠦᠬᠦ ᠲᠤᠭᠤᠷᠢᠭ ᠤᠨ ᠠᠷᠠᠳ | ᠲᠦᠮᠡᠨ ᠤ ᠬᠠᠮᠲᠤ ᠶᠢᠨ ᠬᠦᠰᠡᠯ ᠰᠠᠨᠠᠭ᠎ᠠ ᠶᠢ ᠢᠯᠡᠷᠡᠭᠦᠯᠵᠦ᠂ ᠲᠤᠭ ᠢ ᠥᠨᠳᠥᠷ ᠮᠠᠨᠳᠤᠭᠤᠯᠵᠤ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ ᠶᠡᠭᠡ ᠬᠤᠷᠠᠯ ᠪᠣᠯᠤᠨ᠎ᠠ᠃ | | | ᠼᠤᠤ ᠬᠤᠢ ᠰᠢᠶᠠᠨ᠂ 2025 ᠤᠨ ᠪᠣᠯ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ᠂ ︽ | ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠥᠯᠥᠪᠵᠢᠭᠦᠯᠦᠨ ᠪᠠᠶᠢᠷᠢᠯᠠᠭᠤᠯᠬᠤ ᠵᠢᠯ ᠪᠣᠯᠣᠨ᠎ᠠ᠂ | ᠮᠥᠨᠴᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠪᠣᠳᠠᠲᠠᠢ ᠬᠠᠷᠢᠭᠤᠴᠠᠯᠭ᠎ᠠ ᠡᠭᠦᠷᠭᠡᠯᠡᠬᠦ ᠵᠢᠯ ᠪᠣᠯᠣᠨ᠎ᠠ᠃ ᠬᠠᠶᠢᠷᠤᠪ ᠤᠨ | ᠲᠤᠬᠤᠢ ᠲᠣᠭᠤᠷᠢᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ | ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ | ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠪᠦᠬᠦ | ᠶᠠᠪᠤᠴᠠ ᠶᠢᠨ ᠠᠷᠠᠳ ᠤᠨ ᠠᠷᠠᠳᠴᠢᠯᠠᠯ ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠶᠡᠷᠦᠩᠬᠡᠢ ᠱᠦᠵᠢ ᠰᠢ ᠶᠢᠨ | ᠫᠢᠩ ᠤᠨ ᠳᠤᠮᠳᠠᠳᠤ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 | ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠴᠢ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠨᠠᠮ ᠤᠨ ᠲᠥᠪ ᠬᠤᠷᠢᠶᠠᠨ ᠤ ᠡᠯ᠎ᠡ | ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠠᠵᠢᠯ ᠤᠨ | ᠱᠠᠭᠠᠷᠳᠠᠯᠭ᠎ᠠ ᠶᠢ ᠲᠡᠷᠡ ᠬᠡᠪ ᠢᠶᠠᠷ ᠨᠢ ᠰ᠊ ᠠᠶᠢᠲᠤᠷ ᠨᠠᠶᠢᠳᠠᠪᠤᠷᠢᠵᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ | ᠠᠵᠤ ᠠᠬᠤᠢ ᠨᠡᠶᠢᠭᠡᠮ ᠤᠨ ᠰᠢᠨᠵᠢᠯᠡᠬᠦ ᠤᠬᠠᠭᠠᠨᠴᠢ ᠬᠥᠭᠵᠢᠯᠲᠡ᠂ ᠪᠣᠬᠢᠷᠲᠤᠯ ᠦᠭᠡᠢ ᠬᠡᠯᠪᠡᠷᠢ ᠶᠢᠨ | ᠬᠤᠪᠢᠷᠠᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠪᠢᠳᠡ ᠲᠡᠮᠡᠴᠡᠯ ᠤᠨ ᠳᠤᠮᠳᠠ ᠴᠥᠬᠦᠷᠡᠰᠢ ᠦᠭᠡᠢ ᠴᠢᠷᠮᠠᠶᠢᠵᠤ᠂ ᠰᠢᠨ᠎ᠡ | ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠦᠴᠦ ᠪᠠᠨ ᠲᠥᠪᠯᠡᠷᠡᠭᠦᠯᠦᠨ ᠬᠤᠶᠠᠷ ᠶᠡᠭᠡ | ᠶᠠᠪᠤᠳᠠᠯ ᠢ ᠰᠠᠶᠢᠲᠤᠷ ᠬᠢᠵᠦ ᠪᠣᠳᠠᠲᠠᠢ ᠬᠢᠵᠦ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠶᠡᠭᠡ ᠲᠠᠯ᠎ᠠ ᠶᠢ ᠪᠠᠲᠤ ᠡᠵᠡᠮᠳᠡᠵᠦ᠂ ︽ᠬᠠᠷᠠᠯᠲᠠ ᠪᠠᠨ ᠪᠠᠲᠤ ᠡᠵᠡᠮᠳᠡᠵᠦ᠂ ᠬᠦᠴᠢᠷ ᠢ ᠰᠦᠷᠦᠨ ᠤᠷᠤᠭᠰᠢᠯᠠᠵᠤ᠂ | ᠪᠣᠳᠠᠲᠠᠢ ᠠᠵᠢᠯᠯᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ︾ ᠠᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠠᠷᠠᠳ ᠲᠦᠮᠡᠨ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠯᠭᠤᠭᠰᠠᠨ | ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠷᠢᠭᠤᠴᠠᠯᠭ᠎ᠠ ᠡᠭᠦᠷᠭᠡᠯᠡᠬᠦ ᠶᠢ ᠡᠭᠦᠷᠭᠡᠯᠡᠵᠦ᠂ ᠲᠥᠯᠥᠭᠡᠯᠡᠭᠴᠢᠳ ᠤᠨ ᠴᠤᠭ ᠵᠢᠪᠬᠤᠭ᠎ᠠ ᠶᠢ | ᠢᠯᠡᠷᠡᠭᠦᠯᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ᠃ ᠦᠷᠭᠦᠯᠵᠢᠯᠡᠨ | ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠯᠠᠪᠳᠠᠭᠤᠨ ᠪᠠᠲᠤᠲᠠᠢ ᠠᠵᠢᠯᠯᠠᠵᠤ᠂ ᠥᠨᠢ ᠤᠳᠠᠭᠠᠨ | ᠴᠢᠷᠮᠠᠶᠢᠨ ᠠᠵᠢᠯᠯᠠᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠵᠦ᠂ ︽ᠭᠤᠷᠪᠠ ᠶᠢ ᠤᠷᠢᠳ ᠢᠶᠠᠷ ᠬᠢᠬᠦ︾ | ᠂ ︽ᠰᠢᠨ᠎ᠡ ᠵᠠᠮ ᠢ ᠨᠡᠭᠡᠭᠡᠵᠦ ᠲᠤᠮᠳᠠ ᠲᠦᠪᠰᠢᠨ ᠳᠤ ᠤᠷᠤᠬᠤ︾ ᠲᠡᠮᠡᠴᠡᠬᠦ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ | ᠬᠠᠮᠤᠭ ᠤᠨ ᠰᠠᠶᠢᠨ ᠪᠠᠷᠢᠮᠵᠢᠶ᠎ᠠ ᠪᠠᠷ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠬᠠᠶᠢᠷᠤᠪ ᠤᠨ ᠲᠤᠬᠤᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠡᠩ ᠶᠡᠭᠡ ᠬᠤᠪᠢ ᠨᠡᠮᠡᠷᠢ | ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ ᠾᠧ ᠮᠧᠢ ᠯᠢ᠂ ᠯᠢ ᠱᠢ ᠴᠤᠤ᠂ ᠴᠢᠶᠣᠤ ᠬᠤᠢ | ᠫᠢᠩ᠂ ᠯᠢᠦ ᠰᠢᠶᠤᠤ᠂ ᠷᠧᠨ ᠶᠦᠩ᠂ ᠯᠢᠦᠢ ᠳ᠋ᠠᠨ᠂ ᠾᠧ ᠹᠧᠩ᠂ ᠭᠦᠸᠧ ᠵᠧᠨ ᠠᠢ᠂ ᠾᠧ ᠬᠠᠢ ᠶᠦᠨ᠂ ᠵᠠᠩ | ᠭᠤᠤ ᠸᠠᠩ ᠪᠣᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ ᠪᠤᠢ᠃ | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠲᠡᠭᠦᠰᠪᠡ᠃ | |