ᠡᠨᠡ ᠨᠢᠭᠡ ᠵᠢᠯ︕ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠳᠠᠲᠠᠢ ᠠᠵᠢᠯᠯᠠᠬᠤ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠪᠡ
ᠨᠡᠶᠢᠲᠡᠯᠡᠭᠰᠡᠨ ᠴᠠᠭ᠄
2025/1/8
    ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠼᠤᠤ ᠬᠤᠢ ᠰᠢᠶᠠᠨ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠡᠭᠡᠷ᠎ᠡ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ    2024᠎ ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠪᠣᠯᠤᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠠᠲᠤ ᠪᠠᠬᠢ ᠪᠤᠢ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ ᠬᠥᠭᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠦᠢᠯᠡᠳᠦᠯᠭᠡ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠪᠡ᠃   ᠲᠤᠭ ᠡᠷᠭᠦᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠵᠤ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠪᠡ   ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠢᠮᠠᠭᠲᠠ ᠤᠯᠤᠰ ᠲᠦᠷᠦ ᠶᠢ ᠡᠷᠬᠢᠮᠯᠡᠬᠦ ᠪᠠᠷ ᠨᠢᠭᠡᠳᠦᠭᠡᠷ ᠱᠠᠭᠠᠷᠳᠠᠯᠭ᠎ᠠ ᠪᠣᠯᠭᠠᠵᠤ᠂ ︽ᠰᠠᠶᠢᠨ ᠢ ᠲᠦᠷᠦᠭᠦᠯᠡᠨ ᠬᠢᠬᠦ︾ ᠬᠠᠷᠢᠭᠤᠴᠠᠯᠭ᠎ᠠ ᠪᠠᠨ ᠪᠠᠷᠢᠮᠵᠢᠶᠠᠯᠠᠨ ᠬᠠᠷᠭᠤᠭᠤᠯᠵᠤ᠂ ᠤᠯᠤᠰ ᠲᠦᠷᠦ ᠶᠢᠨ ᠳᠠᠪᠲᠠᠯᠲᠠ ᠶᠢᠨ ᠳᠤᠮᠳᠠ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠪᠠ᠃ ᠪᠠᠶᠢᠩᠭᠤ ᠶᠢᠨ ᠬᠤᠷᠢᠶ᠎ᠠ ᠤᠯᠤᠰ ᠲᠦᠷᠦ ᠶᠢᠨ ᠵᠢᠯᠣᠭᠤᠳᠤᠮᠵᠢ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠴᠣᠭᠴᠠᠯᠠᠬᠤ ᠶᠢ ᠴᠥᠬᠦᠷᠡᠰᠢ ᠦᠭᠡᠢ ᠪᠠᠷᠢᠮᠲᠠᠯᠠᠪᠠ᠃ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ︽ᠨᠢᠭᠡᠳᠦᠭᠡᠷ ᠵᠥᠪᠯᠡᠬᠦ ᠰᠡᠳᠦᠪ︾ ᠪᠣᠯᠭᠠᠬᠤ ᠶᠢᠨ ᠬᠠᠮᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠪᠠᠶᠢᠭᠤᠯᠭ᠎ᠠ ᠶᠢᠨ ᠺᠠᠳ᠋ᠷ ᠤᠨ ᠪᠣᠯᠪᠠᠰᠤᠷᠠᠭᠤᠯᠤᠯ ᠤᠨ ︽ᠨᠢᠭᠡᠳᠦᠭᠡᠷ ᠬᠢᠴᠢᠶᠡᠯ︾ ᠪᠣᠯᠭᠠᠪᠠ︔ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠠᠬᠢᠭᠤᠯᠬᠤ ᠪᠠᠷ ᠳᠠᠮᠵᠢᠭᠤᠯᠤᠨ᠂ ᠰᠤᠷᠤᠯᠴᠠᠬᠤ ᠶᠢ ᠤᠶᠠᠯᠳᠤᠭᠤᠯᠬᠤ ᠶᠢ ᠳᠣᠪᠤᠶᠢᠯᠭᠠᠵᠤ᠂ ︽ᠬᠤᠶᠠᠷ ᠢ ᠬᠠᠮᠠᠭᠠᠯᠠᠬᠤ︾ ᠨᠢᠭᠡᠳᠦᠭᠡᠷ ᠵᠢᠭᠰᠠᠭᠠᠯ ᠤᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠪᠠ᠃     ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠤᠬᠠᠮᠰᠠᠷ ᠠᠴᠠ ᠪᠠᠨ ᠬᠠᠮᠠᠭᠠᠯᠠᠵᠤ᠂ ᠵᠢᠭᠠᠪᠤᠷᠢ ᠠᠪᠴᠤ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠪᠡ︔ ᠤᠷᠢᠳ ᠬᠤᠵᠢᠳ ᠴᠢᠬᠤᠯᠠ ᠬᠤᠷᠠᠯ᠂ ᠴᠢᠬᠤᠯᠠ ᠠᠵᠢᠯ ᠤᠨ ᠲᠤᠬᠠᠢ ᠲᠤᠭᠤᠷᠢᠭ ᠤᠨ ᠨᠠᠮ ᠤᠨ ᠬᠤᠷᠢᠶ᠎ᠠ ᠠᠴᠠ 15 ᠤᠳᠠᠭ᠎ᠠ ᠵᠢᠭᠠᠪᠤᠷᠢ ᠠᠪᠴᠤ ᠮᠡᠳᠡᠭᠦᠯᠬᠦ ᠶᠢᠨ ᠬᠠᠮᠲᠤ ᠱᠠᠭᠠᠷᠳᠠᠯᠭ᠎ᠠ ᠶᠣᠰᠣᠭᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠤᠡᠬᠤᠪᠠ᠃     ᠴᠢᠬᠤᠯᠠ ᠶᠡᠭᠡ ᠤᠴᠢᠷ ᠶᠠᠪᠤᠳᠠᠯ ᠢ ᠲᠣᠭᠲᠠᠭᠠᠬᠤ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠬᠦ ᠲᠠᠯ᠎ᠠ ᠪᠠᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠥᠰᠦᠪ ᠤᠨ ᠲᠤᠬᠢᠷᠠᠭᠤᠯᠤᠯᠳᠠ ᠶᠢ ᠵᠥᠪᠰᠢᠶᠡᠷᠡᠬᠦ ᠵᠡᠷᠭᠡ 6 ᠰᠢᠢᠳᠪᠦᠷᠢ ᠭᠠᠷᠭᠠᠵᠤ᠂ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠵᠣᠷᠢᠯᠲᠠ ᠶᠢ ᠴᠠᠭ ᠲᠤᠬᠠᠢ ᠳᠤᠨᠢ ᠪᠦᠬᠦ ᠲᠤᠭᠤᠷᠢᠭ ᠤᠨ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ ᠪᠣᠯᠭᠠᠨ ᠬᠤᠪᠢᠷᠠᠭᠤᠯᠪᠠ︔ ᠨᠠᠮ ᠠᠴᠠ ᠺᠠᠳ᠋ᠷ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠲᠤᠰᠢᠶᠠᠯ ᠳᠤ ᠲᠣᠮᠢᠯᠠᠵᠤ ᠪᠠᠭᠤᠯᠭᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠤ᠂ ᠲᠦᠷᠦ ᠶᠢᠨ ᠪᠠᠶᠢᠭᠤᠯᠭ᠎ᠠ ᠶᠢᠨ 59 ᠠᠵᠢᠯᠲᠠᠨ ᠢ ᠰᠣᠩᠭᠤᠨ ᠲᠣᠮᠢᠯᠠᠵᠤ᠂ 98 ᠠᠷᠠᠳ ᠤᠨ ᠬᠠᠪᠰᠤᠷᠤᠨ ᠰᠢᠭᠦᠭᠴᠢ ᠲᠣᠮᠢᠯᠠᠵᠤ᠂ ᠬᠤᠳᠠ ᠶᠢᠨ ᠲᠣᠭᠤᠷᠢᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠬᠠᠤᠯᠢ ᠶᠣᠰᠣᠭᠠᠷ ᠨᠥᠬᠦᠨ ᠰᠣᠩᠭᠤᠪᠠ᠃   ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠠᠷᠢᠭᠤᠴᠠᠯᠭ᠎ᠠ ᠡᠭᠦᠷᠭᠡᠯᠡᠯ ᠢᠶᠠᠨ ᠡᠷᠡᠰ ᠡᠭᠦᠷᠭᠡᠯᠡᠵᠦ᠂ ᠥᠭᠡᠷᠡᠴᠢᠯᠡᠯᠲᠡ ᠬᠥᠭᠵᠢᠯᠲᠡ ᠶᠢ ᠡᠵᠡᠮᠳᠡᠬᠦ᠂ ᠭᠤᠣᠯ ᠶᠡᠭᠡ ᠲᠠᠯ᠎ᠠ ᠳᠤ ᠦᠢᠯᠡᠴᠢᠯᠡᠬᠦ ᠳᠤᠮᠳᠠ ︽ᠰᠠᠶᠢᠨ ᠶᠠᠪᠤᠳᠠᠯ ᠬᠢᠬᠦ︾ ᠪᠠᠶᠢᠷᠢᠰᠢᠯ ᠢ ᠣᠨᠣᠪᠴᠢᠲᠠᠢ ᠣᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠵᠢᠯᠣᠭᠤᠳᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠨᠠᠮ ᠤᠨ ᠬᠤᠷᠢᠶ᠎ᠠ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠶᠢ ᠪᠠᠲᠤᠯᠠᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠭᠤᠣᠯ ᠰᠢᠵᠢᠮ ᠢ ᠲᠤᠭᠤᠰᠢᠯᠠᠭᠤᠯᠬᠤ ᠭᠤᠣᠯ ᠱᠤᠭᠤᠮ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠤᠨ ᠳᠤᠮᠳᠠ ᠦᠨᠡᠨ ᠬᠦ ᠢᠯᠡᠷᠡᠭᠦᠯᠬᠦ ᠬᠡᠷᠡᠭᠲᠡᠢ︔ ᠵᠠᠬᠢᠳᠠᠯ ᠰᠤᠷᠪᠤᠯᠵᠢᠯᠠᠭ᠎ᠠ ᠶᠢᠨ ᠵᠢᠵᠢᠭᠦᠷ ᠪᠣᠯᠤᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠳᠠᠭᠠᠭᠠᠴᠢᠯᠠᠨ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡ ᠬᠦᠴᠢᠷ ᠠᠰᠠᠭᠤᠳᠠᠯ ᠢ ᠰᠢᠢᠳᠪᠦᠷᠢᠯᠡᠬᠦ᠂ ᠨᠠᠮ ᠤᠨ ᠲᠥᠯᠥᠭᠡ ᠰᠠᠨᠠᠭᠠᠰᠢᠷᠠᠬᠤ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠡᠭᠦᠷᠭᠡᠯᠡᠬᠦ ᠬᠡᠷᠡᠭᠲᠡᠢ᠃     ᠭᠤᠣᠯᠳᠠᠯᠭ᠎ᠠ ᠶᠢ ᠲᠤᠪᠤᠶᠢᠯᠭᠠᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠶᠢ ᠪᠠᠷᠢᠮᠲᠠᠯᠠᠨ᠎ᠠ     ᠬᠠᠶᠢᠷᠤᠪ ᠤᠨ ᠲᠣᠬᠤᠢ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠦᠨᠳᠦᠰᠦᠨ ᠬᠠᠤᠯᠢ ᠶᠢᠨ ᠡᠷᠬᠡ ᠣᠯᠭᠤᠯᠲᠠ ᠶᠢ ᠤᠬᠠᠮᠰᠠᠷ ᠠᠴᠠ ᠪᠠᠨ ᠰᠠᠶᠢᠲᠤᠷ ᠬᠡᠷᠡᠭᠯᠡᠵᠦ᠂ ᠬᠢᠨᠠᠯᠲᠠ ᠲᠠᠯᠪᠢᠬᠤ ᠬᠠᠤᠯᠢ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠳᠦᠷᠢᠮ ᠤᠨ ᠲᠣᠭᠲᠠᠴᠠ ᠶᠢ ᠪᠦᠷᠢᠨᠰᠢᠭᠦᠯᠵᠦ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠢᠶᠠᠨ ᠶᠡᠷᠦᠩᠬᠡᠶᠢᠯᠡᠨ ᠬᠡᠷᠡᠭᠯᠡᠵᠦ᠂ ᠬᠠᠶᠢᠷᠤᠪ ᠤᠨ ᠲᠣᠬᠤᠢ ᠲᠤᠭᠤᠷᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠪᠠ᠃ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠦᠷᠢᠯᠳᠦᠭᠦᠯᠬᠦ ᠪᠠᠷ ᠭᠤᠣᠯᠳᠠᠭᠤᠯᠵᠤ᠂ ᠨᠡᠩ ᠰᠠᠶᠢᠨ ᠢᠶᠠᠷ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠵᠤ᠂ ᠡᠬᠢ ᠪᠠᠶᠠᠯᠢᠭ ᠳᠤᠲᠠᠮᠠᠭ᠂ ᠰᠢᠨ᠎ᠡ ᠶᠢ ᠡᠭᠦᠳᠬᠦ ᠴᠢᠳᠠᠪᠤᠷᠢ ᠪᠠᠭᠤᠷᠠᠢ ᠵᠡᠷᠭᠡ ᠠᠰᠠᠭᠤᠳᠠᠯ ᠢ ᠬᠢᠨᠠᠨ ᠰᠢᠢᠳᠪᠦᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠪᠠ︔ ᠲᠤᠭᠤᠷᠢᠭ ᠤᠨ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠳᠠᠯ ᠳᠤ ᠭᠤᠣᠯᠳᠠᠯᠭ᠎ᠠ ᠲᠠᠢ ᠪᠠᠷ ᠪᠠᠶᠢᠴᠠᠭᠠᠨ ᠰᠤᠳᠤᠯᠤᠯᠲᠠ ᠥᠷᠨᠢᠭᠦᠯᠵᠦ᠂ ᠵᠠᠰᠠᠭ ᠤᠨ ᠣᠷᠳᠣᠨ ᠤ ᠬᠠᠨᠳᠤᠯᠭᠠᠲᠤ ᠴᠢᠨᠠᠷᠲᠠᠢ ᠪᠠᠷ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢᠨ ᠳᠠᠪᠠᠭᠤᠯᠢᠭ ᠢ ᠪᠠᠲᠤᠳᠬᠠᠬᠤ ᠳᠤ ᠬᠢᠨᠠᠯᠲᠠ ᠲᠠᠯᠪᠢᠬᠤ ᠪᠠ ᠳᠡᠮᠵᠢᠯᠭᠡ ᠦᠵᠡᠭᠦᠯᠦᠨ᠎ᠡ︔ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ᠂ ᠠᠷᠠᠳ ᠲᠦᠮᠡᠨ ᠤ ︽ᠵᠣᠭᠤᠰᠤᠨ ᠤᠭᠤᠲᠠ︾᠎ ᠶᠢ ᠰᠠᠶᠢᠲᠤᠷ ᠬᠠᠮᠢᠶᠠᠷᠬᠤ ᠶᠢᠨ ᠲᠣᠭᠤᠷᠢᠨ ᠳᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠯᠲᠡ᠂ ᠲᠥᠯᠥᠪᠯᠡᠭᠡ ᠲᠥᠰᠥᠪ ᠪᠠ ᠲᠥᠰᠥᠪ ᠤᠨ ᠭᠦᠢᠴᠡᠳᠬᠡᠯ᠂ ᠬᠢᠨᠠᠨ ᠪᠤᠳᠤᠬᠤ ᠠᠵᠢᠯ ᠵᠡᠷᠭᠡ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠪᠥᠬᠦ  ᠲᠤᠭᠤᠷᠢᠭ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ︾᠎ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠮᠥᠷᠳᠡᠨ ᠬᠢᠨᠠᠯᠲᠠ ᠲᠠᠯᠪᠢᠵᠤ᠂ ᠵᠠᠰᠠᠭ ᠤᠨ ᠣᠷᠳᠣᠨ ᠢ ᠰᠢᠪᠠᠳᠠᠨ ︽ᠵᠣᠭᠤᠰ ᠢ ᠵᠠᠩᠭᠢᠯᠠᠭ᠎ᠠ ᠶᠢᠨ ᠭᠠᠵᠠᠷ ᠲᠤᠨᠢ ᠵᠠᠷᠤᠵᠤ︾᠂ ᠡᠳ᠋ ᠤᠨ ᠵᠠᠰᠠᠭ ᠤᠨ ᠪᠡᠯᠡ ᠮᠥᠩᠭᠦ ᠶᠢ ᠥᠨᠳᠥᠷ ᠪᠦᠲᠦᠮᠵᠢᠲᠡᠶ ᠪᠠᠷ ᠬᠡᠷᠡᠭᠯᠡᠭᠦᠯᠬᠦ ᠬᠡᠷᠡᠭᠲᠡᠢ︔ ᠣᠷᠣᠯᠴᠠᠬᠤ ᠬᠡᠯᠪᠡᠷᠢ ᠶᠢᠨ ᠲᠥᠰᠥᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠠᠵᠢᠯ ᠢ ᠦᠷᠭᠦᠯᠵᠢᠯᠡᠨ ᠥᠷᠨᠢᠭᠦᠯᠵᠦ᠂ ᠲᠥᠯᠥᠭᠡᠯᠡᠭᠴᠢᠳ ᠢ ᠲᠥᠰᠥᠪ ᠢ ᠨᠠᠶᠢᠷᠠᠭᠤᠯᠤᠨ ᠵᠣᠬᠢᠶᠠᠬᠤ ᠠᠵᠢᠯ ᠳᠤ ᠤᠷᠢᠳᠴᠢᠯᠠᠨ ᠣᠷᠣᠯᠴᠠᠭᠤᠯᠵᠤ᠂ ᠬᠢᠨᠠᠯᠲᠠ ᠲᠠᠯᠪᠢᠬᠤ ᠪᠣᠭᠤᠮᠲᠠ ᠶᠢ ᠤᠷᠤᠭᠰᠢ ᠰᠢᠯᠵᠢᠭᠦᠯᠬᠦ ᠶᠢ ᠲᠦᠯᠬᠢᠨ ᠠᠬᠢᠭᠤᠯᠪᠠ; ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠨ ᠦᠵᠡᠵᠦ᠂ ᠥᠷᠢ ᠥᠭᠴᠡᠭᠡ ᠶᠢᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠨ ᠰᠤᠳᠤᠯᠵᠤ ᠮᠠᠭᠠᠳᠯᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢ ︽ᠵᠢᠭᠡᠯᠡᠬᠦ᠂ ᠬᠠᠮᠢᠶᠠᠷᠬᠤ᠂ ᠪᠤᠴᠠᠭᠠᠬᠤ︾ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠬᠢᠨᠠᠯᠲᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃    ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ︾᠎ ᠢ ᠨᠢᠭᠲᠠ ᠠᠩᠬᠠᠷᠴᠤ᠂ ᠬᠤᠳᠠ ᠶᠢᠨ ᠶᠠᠰᠤ ᠴᠢᠨᠠᠷ ᠤᠨ ᠲᠡᠰ ᠳᠡᠪᠰᠢᠬᠦ ᠶᠢ ᠬᠦᠴᠦᠯᠡᠨ ᠠᠬᠢᠭᠤᠯᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠡᠯ᠎ᠡ ᠲᠦᠷᠦᠯ ᠤᠨ ᠲᠤᠰᠬᠠᠢ ᠲᠥᠯᠥᠪᠵᠢᠭᠦᠯᠭᠡ ᠲᠠᠢ ᠵᠣᠯᠭᠠᠭᠤᠯᠬᠤ ᠶᠢ ᠠᠬᠢᠭᠤᠯᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠵᠢᠴᠢ ᠡᠷᠬᠢᠨ ᠲᠣᠭᠤᠷᠢᠨ ᠤ ᠳᠦᠷᠰᠦ ᠪᠠᠶᠢᠳᠠᠯ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠪᠠ︔ ᠲᠤᠭᠤᠷᠢᠭ ᠤᠨ ᠵᠠᠰᠠᠭ ᠤᠨ ᠣᠷᠳᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠰᠬᠠᠢ ᠰᠡᠳᠦᠪ ᠢᠶᠠᠷ ᠠᠰᠠᠭᠤᠨ ᠯᠠᠪᠯᠠᠬᠤ ᠶᠢ ᠥᠷᠨᠢᠭᠦᠯᠵᠦ᠂ ᠵᠠᠰᠠᠭ ᠤᠨ ᠶᠠᠪᠤᠳᠠᠯ ᠢ ᠠᠰᠠᠭᠤᠬᠤ᠂ ᠵᠠᠰᠠᠭ ᠤᠨ ᠶᠠᠪᠤᠳᠠᠯ ᠢ ᠳᠡᠮᠵᠢᠬᠦ ᠦᠷ᠎ᠡ ᠪᠦᠲᠦᠮᠵᠢ ᠶᠢ ᠪᠡᠶᠡᠯᠡᠭᠦᠯᠪᠡ︔ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠪᠢᠯᠧᠲ ᠥᠭᠬᠦ ᠠᠵᠢᠯ ᠳᠤ ᠪᠦᠬᠦ ᠶᠠᠪᠤᠴᠠ ᠪᠠᠷ ᠬᠢᠨᠠᠯᠲᠠ ᠲᠠᠯᠪᠢᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠶᠢᠨ ᠲᠣᠭᠤᠷᠢᠨ ᠳᠤ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠵᠤ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠤᠷᠳᠤ ᠬᠤᠭᠤᠴᠠᠭ᠎ᠠ ᠪᠠᠷ ᠴᠢᠷᠮᠠᠶᠢᠨ ᠠᠬᠢᠭᠤᠯᠪᠠ︔ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠱᠠᠲᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠮᠥᠷᠳᠡᠨ ᠰᠢᠮᠳᠠᠭᠤᠯᠪᠠ᠃ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠠᠤᠯᠢ ᠪᠠᠷ ᠵᠠᠰᠠᠬᠤ ᠬᠥᠲᠥᠯᠥᠨ ᠳᠠᠭᠠᠭᠤᠯᠬᠤ ᠤᠶᠢᠯᠡᠳᠤᠯ ᠢ ᠭᠦᠢᠴᠠᠤᠡ ᠪᠠᠳᠠᠷᠠᠭᠤᠯᠵᠤ᠂ ᠬᠠᠤᠯᠢ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠤᠨ ᠪᠠᠶᠢᠳᠠᠯ ᠢ ᠰᠣᠨᠣᠰᠴᠤ ᠬᠢᠨᠠᠨ ᠵᠥᠪᠯᠡᠵᠦ᠂ ᠣᠯᠠᠨ ᠲᠦᠮᠡᠨ ᠤ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠤᠶᠢᠯᠡᠳᠤᠯ ᠢ ᠭᠦᠢᠴᠠᠤᠡ ᠪᠠᠳᠠᠷᠠᠭᠤᠯᠵᠤ᠂ ᠬᠠᠤᠯᠢ ᠴᠠᠭᠠᠵᠠ ᠶᠢᠨ ᠬᠡᠷᠡᠭᠵᠢᠭᠦᠯᠦᠯᠲᠡ ᠶᠢ ᠠᠬᠢᠭᠤᠯᠵᠤ᠂ ᠵᠠᠰᠠᠭ ᠤᠨ ᠣᠷᠳᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠡᠭᠦᠳᠦᠨ ᠪᠠᠶᠢᠭᠤᠯᠬᠤ ᠠᠵᠢᠯ ᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠪᠠ︔ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠢᠶᠠᠷ ᠲᠦᠰᠢᠭ ᠪᠣᠯᠭᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠠᠢ ᠬᠠᠮᠵᠢᠯᠴᠠᠨ ︽ᠦᠬᠠᠶ ᠬᠤᠲᠠ ᠶᠢᠨ ᠨᠣᠬᠠᠶ ᠲᠡᠵᠢᠭᠡᠬᠦ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠥᠰᠦᠯ ᠤᠨ ᠲᠣᠭᠤᠷᠢᠨ ᠳᠤ ᠣᠯᠠᠨ ᠲᠦᠮᠡᠨ ᠤ ᠰᠠᠨᠠᠯ ᠢ ᠥᠷᠭᠡᠨ ᠢᠶᠠᠷ ᠬᠤᠷᠢᠶᠠᠵᠤ᠂ ᠬᠠᠤᠯᠢ ᠲᠣᠭᠲᠠᠭᠠᠬᠤ ᠶᠢ ᠠᠷᠠᠳ ᠤᠨ ᠰᠡᠳᠬᠢᠯ ᠳᠤ ᠰᠢᠭᠤᠳ ᠨᠡᠪᠲᠡᠷᠡᠭᠦᠯᠪᠡ᠃ ᠡᠭᠦᠨ ᠠᠴᠠ ᠭᠠᠳᠠᠨ᠎ᠠ ᠪᠠᠰᠠ ᠬᠠᠤᠯᠢ ᠴᠠᠭᠠᠵᠠ ᠶᠢᠨ ᠪᠠᠲᠤᠯᠠᠭ᠎ᠠ ᠶᠢᠨ ᠤᠶᠢᠯᠡᠳᠤᠯ ᠢ ᠭᠦᠢᠴᠡᠳ ᠪᠠᠳᠠᠷᠠᠭᠤᠯᠵᠤ᠂ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠮᠢᠯᠠᠭᠰᠠᠨ ᠰᠢᠭᠦᠭᠴᠢ᠂ ᠪᠠᠶᠢᠴᠠᠭᠠᠬᠤ ᠲᠤᠰᠢᠶᠠᠯᠲᠠᠨ ᠤ ᠡᠭᠦᠷᠭᠡ ᠲᠤᠰᠢᠶᠠᠯ ᠢᠶᠠᠨ ᠭᠦᠢᠴᠠᠤᠡ ᠲᠣᠭᠲᠠᠭᠠᠬᠤ ᠶᠢ ᠠᠩᠬ᠎ᠠ ᠤᠳᠠᠭ᠎ᠠ ᠥᠷᠨᠢᠭᠦᠯᠵᠦ᠂ ᠣᠯᠠᠨ ᠲᠦᠮᠡᠨ ᠤ ᠬᠠᠤᠯᠢ ᠶᠣᠰᠣᠨ ᠤ ᠠᠰᠢᠭ ᠲᠤᠰᠠ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠲᠤᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠲᠤᠭᠤᠷᠢᠭ ᠤᠨ ᠪᠠᠶᠢᠴᠠᠭᠠᠬᠤ ᠬᠤᠷᠢᠶᠠᠨ ᠤ ᠡᠷᠡᠭᠦᠤ ᠶᠢᠨ ᠬᠡᠷᠡᠭ ᠤᠨ ᠪᠠᠶᠢᠴᠠᠭᠠᠬᠤ ᠵᠡᠷᠭᠡ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠤᠯᠠᠮ ᠨᠢᠭᠡ ᠠᠯᠬᠤᠮ ᠠᠬᠢᠭᠤᠯᠬᠤ ᠳᠤ ᠪᠠᠲᠤᠯᠠᠭ᠎ᠠ ᠬᠠᠩᠭᠠᠨ᠎ᠠ᠃    ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ    ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠢᠮᠠᠭᠲᠠ ᠠᠷᠠᠳ ᠲᠦᠮᠡᠨ ᠤ ᠵᠣᠭᠰᠣᠯᠲᠠ ᠳᠤ ᠵᠣᠭᠰᠣᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠦᠢᠯᠡᠳᠦᠯᠭᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠥᠷᠭᠡᠳᠬᠡᠵᠦ᠂ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠦᠨᠳᠦᠰᠦᠨ ᠱᠠᠲᠤᠨ ᠤ ᠨᠢᠭᠡᠴᠡ ᠶᠢ ᠤᠯᠠᠮ ᠨᠢᠭᠡ ᠠᠯᠬᠤᠮ ᠪᠠᠲᠤᠳᠬᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠭᠡᠷ ᠤᠨ ᠦᠷᠳᠡᠭᠡ︾ ᠵᠡᠷᠭᠡ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠠᠪᠴᠠᠩ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠤᠯᠠᠨ ᠲᠦᠮᠡᠨ ᠲᠠᠢ ᠬᠠᠷᠢᠯᠴᠠᠬᠤ ᠠᠵᠢᠯ ᠤᠨ ᠵᠢᠭᠰᠠᠭᠠᠯ ᠤᠨ ᠭᠠᠵᠠᠷ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠦᠷᠲᠡᠯ᠎ᠡ ᠥᠷᠭᠡᠳᠬᠡᠪᠡ︔ ᠰᠠᠷ᠎ᠠ ᠪᠦᠷᠢ ᠪᠠᠶᠢᠩᠭᠤᠵᠢᠭᠤᠯᠬᠤ ᠪᠠᠷ ᠳᠠᠮᠵᠢᠭᠤᠯᠤᠨ ᠲᠥᠯᠥᠭᠡᠯᠡᠭᠴᠢᠳ ᠤᠨ ᠠᠵᠢᠯᠯᠠᠭ᠎ᠠ ᠶᠢᠨ ᠲᠤᠬᠢᠷᠠᠭᠤᠯᠤᠯᠳᠠ ᠶᠢ ᠬᠦᠷᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠦᠨᠳᠦᠰᠦᠨ ᠱᠠᠲᠤᠨ ᠳᠤ ᠭᠦᠨᠵᠡᠭᠡᠶᠢᠷᠡᠨ 500 ᠭᠠᠷᠤᠢ ᠬᠥᠮᠦᠨ ᠤᠳᠠᠭ᠎ᠠ ᠶᠢᠨ ᠰᠣᠩᠭᠤᠭᠤᠯᠢ ᠶᠢᠨ ᠠᠷᠠᠳ ᠢ ᠬᠦᠯᠢᠶᠡᠨ ᠠᠪᠴᠤ᠂ ᠤᠯᠠᠨ ᠲᠦᠮᠡᠨ ᠤ ᠰᠠᠨᠠᠯ ᠪᠠ ᠰᠠᠨᠠᠭᠤᠯᠭ᠎ᠠ ᠶᠢ ᠰᠣᠨᠣᠰᠴᠤ᠂ ᠸᠠᠨ ᠳ᠋ᠠ ᠬᠤᠳᠠᠯᠳᠤᠭᠠᠨ ᠤ ᠬᠦᠷᠢᠶᠡᠨ ᠤ ᠡᠷᠬᠢᠨ ᠲᠣᠭᠤᠷᠢᠨ ᠳᠤ ᠲᠡᠷᠭᠡ ᠵᠣᠭᠰᠣᠭᠠᠬᠤ᠂ ᠬᠠᠮᠲᠤ ᠪᠠᠷ ᠡᠳ᠋ᠯᠡᠬᠦ ᠳᠤᠭᠤᠶ ᠲᠡᠷᠭᠡᠨ ᠤ ᠣᠷᠣᠨ ᠪᠦᠰᠡ ᠶᠢᠨ ᠲᠥᠯᠥᠪᠵᠢᠭᠦᠯᠭᠡ᠂ ᠪᠢᠨ ᠾᠧ ᠶᠢᠨ ᠠᠷᠠᠳ ᠲᠤ ᠲᠦᠬᠦᠮ ᠦᠵᠡᠭᠦᠯᠬᠦ ᠵᠠᠬ᠎ᠠ ᠳᠡᠯᠭᠡᠭᠦᠷ ᠤᠨ ᠵᠢᠷᠤᠮᠵᠢᠯ ᠵᠡᠷᠭᠡ ᠨᠢᠭᠡ ᠪᠦᠯᠦᠭ ᠠᠷᠠᠳ ᠤᠨ ᠠᠮᠢᠳᠤᠷᠠᠯ ᠤᠨ ᠪᠢᠴᠢᠯ ᠪᠣᠳᠠᠲᠤ ᠶᠠᠪᠤᠳᠠᠯ ᠢ ᠰᠢᠢᠳᠪᠦᠷᠢᠯᠡᠬᠦ ᠶᠢ ᠠᠬᠢᠭᠤᠯᠪᠠ᠃ ᠡᠲᠡᠭᠡᠷ ᠠᠷᠭ᠎ᠠ ᠬᠡᠮᠵᠢᠶ᠎ᠡ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠰᠣᠩᠭᠤᠭᠤᠯᠢ ᠶᠢᠨ ᠠᠷᠠᠳ ᠤᠨ ᠬᠤᠭᠤᠷᠣᠨᠳᠣᠬᠢ ᠵᠠᠶ ᠶᠢ ᠣᠶᠢᠷᠠᠲᠤᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠠᠷᠠᠳ ᠣᠯᠠᠨ ᠳᠤ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠪᠣᠳᠠᠲᠠᠶ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠪᠡ᠃     ᠤᠯᠠᠨ ᠲᠦᠮᠡᠨ ᠲᠠᠢ ᠨᠡᠩ ᠳᠥᠭᠦᠮ ᠳᠥᠲᠡ ᠥᠨᠳᠥᠷ ᠪᠦᠲᠦᠮᠵᠢᠲᠡᠢ ᠪᠠᠷ ᠬᠠᠷᠢᠯᠴᠠᠬᠤ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠪᠦᠬᠦᠯᠢ ᠡᠳᠦᠷ︾ ᠰᠦᠯᠵᠢᠶᠡᠨ ᠳᠡᠭᠡᠷ᠎ᠡ ᠤᠯᠠᠨ ᠲᠦᠮᠡᠨ ᠲᠠᠢ ᠬᠠᠷᠢᠯᠴᠠᠬᠤ ᠰᠢᠨ᠎ᠡ ᠪᠠᠶᠢᠷᠢᠰᠢᠯ ᠢ ᠪᠠᠶᠢᠭᠤᠯᠵᠤ᠂ ︽ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾᠎ ᠤᠨ ᠲᠠᠪᠴᠠᠩ ᠤᠨ ᠴᠢᠳᠠᠪᠬᠢ ᠶᠢ ᠥᠷᠭᠡᠳᠬᠡᠬᠦ ᠪᠠᠷ ᠳᠠᠮᠵᠢᠭᠤᠯᠵᠤ᠂ ᠠᠷᠠᠳ ᠤᠨ ᠰᠠᠨᠠᠭᠠᠨ ᠤ ᠰᠢᠭᠤᠳ ᠲᠡᠷᠭᠡ ᠨᠡᠪᠲᠡᠷᠡᠬᠦ ᠵᠠᠭᠪᠤᠷ ᠢ ᠨᠡᠮᠡᠨ ᠪᠠᠶᠢᠭᠤᠯᠵᠤ᠂ ︽ᠺᠣᠳ᠋ ᠳᠡᠭᠡᠷ᠎ᠡ ᠲᠥᠯᠥᠭᠡᠯᠡᠭᠴᠢ ᠶᠢ ᠡᠷᠢᠬᠦ︾ ᠠᠵᠢᠯ ᠢ ᠰᠢᠨ᠎ᠡ ᠶᠢ ᠡᠭᠦᠳᠦᠨ ᠥᠷᠨᠢᠭᠦᠯᠵᠦ᠂ ᠤᠯᠠᠨ ᠲᠦᠮᠡᠨ ᠴᠠᠭ ᠢᠮᠠᠭᠲᠠ ᠰᠦᠯᠵᠢᠶᠡᠨ ᠳᠡᠭᠡᠷ᠎ᠡ ᠲᠥᠯᠥᠭᠡᠯᠡᠭᠴᠢᠳ ᠲᠤ ᠠᠰᠠᠭᠤᠳᠠᠯ ᠢ ᠲᠤᠰᠬᠠᠵᠤ ᠪᠣᠯᠤᠨ᠎ᠠ᠂ ᠬᠤᠷᠠᠯ ᠲᠡᠭᠦᠰᠬᠦ ᠬᠤᠭᠤᠴᠠᠭᠠᠨ ᠳᠤ ᠰᠠᠨᠠᠯ ᠢ ᠴᠤᠭᠯᠠᠭᠤᠯᠬᠤ᠂ ᠠᠰᠠᠭᠤᠳᠠᠯ ᠢ ᠰᠢᠢᠳᠪᠦᠷᠢᠯᠡᠬᠦ ︽ᠬᠤᠷᠳᠤᠴᠠ ᠶᠢ ᠲᠦᠷᠭᠡᠳᠬᠡᠬᠦ︾᠎ ᠶᠢ ᠪᠡᠶᠡᠯᠡᠭᠦᠯᠵᠦ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠦᠷ᠎ᠡ ᠪᠦᠲᠦᠮᠵᠢ ᠪᠣᠯᠤᠨ ᠶᠠᠰᠤ ᠴᠢᠨᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠠᠷᠠᠳ ᠤᠯᠠᠨ ᠳᠤ ᠠᠷᠠᠳᠴᠢᠯᠠᠯ ᠤᠨ ᠬᠦᠴᠦᠨ ᠴᠢᠳᠠᠯ ᠢ ᠦᠨᠡᠨ ᠬᠦ ᠮᠡᠳᠡᠷᠡᠭᠦᠯᠪᠡ᠃ ᠡᠭᠦᠨ ᠠᠴᠠ ᠭᠠᠳᠠᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠰᠠ ᠵᠠᠰᠠᠭ ᠤᠨ ᠶᠠᠪᠤᠳᠠᠯ ᠤᠨ ᠲᠥᠪ ᠪᠣᠯᠤᠨ ᠠᠷᠠᠳ ᠤᠨ ᠰᠢᠭᠦᠬᠦ ᠬᠤᠷᠢᠶ᠎ᠠ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠨᠠᠯᠲᠠ ᠲᠠᠯᠪᠢᠬᠤ ᠠᠵᠢᠯ ᠤᠨ ᠪᠠᠶᠢᠷᠢ ᠭᠠᠷᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠵᠦ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾᠎ ᠢ ᠨᠡᠪᠲᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠠᠰᠠᠭ ᠤᠨ ᠶᠠᠪᠤᠳᠠᠯ ᠪᠣᠯᠤᠨ ᠬᠠᠤᠯᠢ ᠴᠠᠭᠠᠵᠠ ᠶᠢᠨ ᠠᠵᠢᠯ ᠳᠤ ᠨᠡᠩ ᠰᠢᠭᠤᠳ ᠣᠷᠣᠯᠴᠠᠭᠤᠯᠵᠤ᠂ ᠬᠢᠨᠠᠯᠲᠠ ᠲᠠᠯᠪᠢᠬᠤ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ᠂ ᠠᠷᠠᠳ ᠤᠯᠠᠨ ᠳᠤ ᠨᠡᠩ ᠬᠦᠴᠦᠲᠡᠢ ᠳᠡᠮᠵᠢᠯᠭᠡ ᠪᠠ ᠪᠠᠲᠤᠯᠠᠭ᠎ᠠ ᠬᠠᠩᠭᠠᠪᠠ᠃ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠵᠠᠰᠠᠯᠲᠠ ᠶᠢᠨ ᠦᠷ᠎ᠡ ᠪᠦᠲᠦᠮᠵᠢ ᠶᠢ ᠭᠦᠨᠵᠡᠭᠡᠶᠢᠷᠡᠭᠦᠯᠬᠦ ᠲᠠᠯ᠎ᠠ ᠪᠠᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠬᠤᠶᠠᠷ ᠬᠠᠷᠢᠯᠴᠠᠭ᠎ᠠ︾᠎ ᠶᠢᠨ ᠲᠦᠷᠢᠮ ᠢ ᠦᠷᠭᠦᠯᠵᠢᠯᠡᠨ ᠭᠦᠨᠵᠡᠭᠡᠶᠢᠷᠡᠭᠦᠯᠦᠨ ᠥᠷᠭᠡᠳᠬᠡᠵᠦ᠂ ᠲᠥᠯᠥᠭᠡᠯᠡᠭᠴᠢᠳ ᠤᠨ ᠬᠤᠷᠠᠯ ᠲᠡᠭᠦᠰᠬᠦ ᠠᠵᠢᠯᠯᠠᠭ᠎ᠠ ᠶᠢ ᠪᠠᠶᠠᠯᠢᠭᠵᠢᠭᠤᠯᠤᠨ᠂ ᠪᠠᠶᠢᠩᠭᠤ ᠲᠥᠯᠥᠭᠡᠯᠡᠭᠴᠢᠳ ᠢ ᠤᠷᠢᠵᠤ ᠪᠠᠶᠢᠩᠭᠤ ᠶᠢᠨ ᠬᠤᠷᠢᠶ᠎ᠠ ᠳᠤ ᠰᠤᠯᠠ ᠣᠷᠣᠯᠴᠠᠭᠤᠯᠵᠤ᠂ ᠲᠢᠩᠬᠢᠮ ᠤᠨ ᠰᠢᠭᠦᠯᠲᠡ ᠶᠢ ᠰᠤᠯᠠ ᠰᠣᠨᠣᠰᠬᠤ ᠵᠡᠷᠭᠡ ᠡᠯ᠎ᠡ ᠲᠦᠷᠦᠯ ᠤᠨ ᠬᠤᠷᠠᠯ ᠢ ᠣᠷᠣᠯᠴᠠᠭᠤᠯᠵᠤ᠂ ᠰᠤᠷᠭᠠᠨ ᠬᠥᠮᠦᠵᠢᠯ᠂ ᠤᠬᠠᠭᠤᠯᠭ᠎ᠠ ᠰᠣᠶᠣᠯ ᠵᠡᠷᠭᠡ ᠬᠦᠷᠢᠶᠡᠨ ᠤ ᠲᠣᠭᠤᠷᠢᠨ ᠳᠤ ᠪᠠᠶᠢᠴᠠᠭᠠᠨ ᠰᠤᠳᠤᠯᠤᠯᠲᠠ ᠬᠢᠵᠦ ᠪᠠᠶᠢᠴᠠᠭᠠᠨ ᠦᠵᠡᠵᠦ᠂ ᠵᠠᠰᠠᠭ ᠤᠨ ᠣᠷᠳᠣᠨ ᠤ ᠠᠵᠢᠯ ᠳᠤ ᠦᠨ᠎ᠡ ᠦᠷᠳᠡᠭ ᠲᠠᠢ ᠯᠠᠪᠯᠠᠯᠲᠠ ᠪᠠ ᠰᠠᠨᠠᠭᠤᠯᠭ᠎ᠠ ᠬᠠᠩᠭᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠭᠤᠣᠯ ᠬᠦᠴᠦᠨ ᠮᠥᠨ᠃ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠥᠯᠥᠭᠡᠯᠡᠭᠴᠢᠳ ᠤᠨ ᠭᠤᠣᠯ ᠴᠣᠭᠴᠠ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ 177 ᠲᠥᠯᠥᠭᠡᠯᠡᠭᠴᠢ ᠰᠠᠨᠠᠭᠠᠴᠢᠯᠠᠭ᠎ᠠ ᠠᠴᠠ ᠪᠠᠨ 386 ᠰᠦᠯᠵᠢᠶᠡᠨ ᠳᠤ ᠬᠦᠷᠴᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠣᠯᠴᠠᠪᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠲᠤᠷᠰᠢᠯᠲᠠ ᠶᠢᠨ ᠴᠡᠭ ᠤᠨ ᠠᠵᠢᠯ ᠳᠤ ᠣᠷᠣᠯᠴᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠠᠷᠠᠳ ᠤᠨ ᠲᠥᠯᠥᠭᠡᠯᠡᠭᠴᠢᠳ ᠤᠨ ᠰᠢᠭᠦᠬᠦ ᠬᠤᠷᠢᠶ᠎ᠠ︾᠂ ︽ᠠᠷᠠᠳ ᠤᠨ ᠲᠥᠯᠥᠭᠡᠯᠡᠭᠴᠢᠳ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠭᠰᠡᠨ︾ ᠠᠵᠢᠯ ᠤᠨ ᠵᠠᠭᠪᠤᠷ ᠢ ᠲᠡᠭᠦᠯᠳᠡᠷᠵᠢᠭᠦᠯᠵᠦ᠂ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠡᠬᠢ ᠡᠭᠦᠰᠦᠯ ᠠᠴᠠ ᠨᠢ ᠲᠣᠣᠷᠵᠢᠭᠤᠯᠪᠠ᠃   ᠦᠨᠳᠦᠰᠦ ᠪᠠᠨ ᠪᠠᠬᠢᠵᠢᠭᠦᠯᠵᠦ ᠰᠠᠭᠤᠷᠢ ᠪᠠᠨ ᠪᠠᠲᠤᠳᠬᠠᠬᠤ ᠶᠢ ᠪᠠᠷᠢᠮᠲᠠᠯᠠᠵᠤ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠬᠠᠭᠤᠳᠠᠰᠤ ᠶᠢ ᠪᠢᠴᠢᠭᠯᠡᠪᠡ    ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠲᠦᠷᠪᠡᠨ ᠪᠠᠶᠢᠭᠤᠯᠭ᠎ᠠ︾᠎ ᠶᠢᠨ ᠪᠠᠶᠢᠷᠢ ᠲᠣᠭᠲᠠᠭᠠᠯᠲᠠ ᠶᠢ ᠢᠮᠠᠭᠲᠠ ᠴᠢᠩᠭ᠎ᠠ ᠡᠵᠡᠮᠳᠡᠵᠦ᠂ ᠴᠢᠩᠭ᠎ᠠ ᠪᠠᠷᠢᠮᠵᠢᠶ᠎ᠠ᠂ ᠪᠣᠳᠠᠲᠠᠢ ᠰᠤᠷᠲᠠᠯ ᠢᠶᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠪᠣᠯᠤᠨ ᠪᠠᠶᠢᠭᠤᠯᠤᠯᠲᠠ ᠶᠢ ᠰᠢᠨ᠎ᠡ ᠦᠨᠳᠦᠷᠴᠡ ᠳᠤ ᠬᠦᠷᠭᠡᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭ᠊ ‍ᠡᠯᠡᠭᠴᠢᠳ ᠤᠨ ᠶᠡᠭᠡ ᠬᠤᠷᠠᠯ ᠤᠨ ᠠᠵᠢᠯ ᠳᠤ ᠰᠢᠨ᠎ᠡ ᠠᠮᠢᠵᠢᠷᠠᠯ ᠤᠨ ᠬᠦᠴᠦᠨ ᠪᠣᠯᠤᠨ ᠬᠥᠳᠡᠯᠭᠡᠬᠦ ᠬᠦᠴᠦᠨ ᠨᠡᠮᠡᠷᠢᠯᠡᠪᠡ᠃     ᠨᠠᠮ ᠤᠨ ᠪᠠᠢᠭᠤᠯᠤᠯᠲᠠ ᠪᠠᠷ ᠵᠣᠬᠢᠶᠠᠨ ᠪᠠᠢᠭᠤᠯᠤᠯᠲᠠ ᠶᠢᠨ ︽ᠳᠠᠢᠴᠢᠨ ᠬᠦᠴᠦᠨ︾᠎ ᠢ  ᠳᠡᠭᠡᠭᠰᠢᠯᠡᠭᠦᠯᠬᠦ ᠶᠢ ᠬᠥᠲᠥᠯᠦᠨ ᠵᠢᠯᠤᠭᠤᠨᠪᠠ᠃ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ︔ ᠠᠵᠢᠯ ᠳᠤ ᠪᠠᠶᠢᠭ᠎ᠠ ᠨᠠᠮ ᠤᠨ ᠭᠡᠰᠢᠭᠦᠨ ᠤ ᠬᠤᠶᠠᠷ ᠢ ᠮᠡᠳᠡᠭᠦᠯᠵᠦ ᠬᠤᠶᠠᠷ ᠢ ᠬᠢᠨᠠᠨ ᠰᠢᠯᠭᠠᠬᠤ᠂ ᠱᠦᠵᠢ ᠶᠢᠨ ᠵᠠᠮᠴᠢᠯᠠᠬᠤ ᠵᠡᠷᠭᠡ ᠠᠵᠢᠯ ᠢ ᠢᠳᠡᠪᠬᠢᠲᠡᠢ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠡᠭᠦᠷ ᠤᠨ ᠵᠢᠷᠤᠮᠵᠢᠭᠰᠠᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠮᠳᠠ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠡᠷᠭᠡᠪᠡᠷ ᠲᠥᠯᠥᠪᠵᠢᠭᠦᠯᠵᠦ᠂ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠠᠬᠢᠭᠤᠯᠵᠤ᠂ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠪᠠᠷ ᠳᠠᠮᠵᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠭᠰᠠᠨ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠦᠢᠯᠡᠳᠦᠯᠭᠡᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠤᠯᠠᠨ ᠲᠦᠮᠡᠨ ᠲᠠᠢ ᠨᠡᠩ ᠣᠶᠢᠷᠠᠲᠤᠭᠤᠯᠵᠤ᠂ ᠪᠣᠳᠠᠲᠠᠢ ᠳᠤ ᠣᠶᠢᠷᠠᠲᠤᠭᠤᠯᠵᠤ᠂ ᠠᠷᠠᠳ ᠤᠯᠠᠨ ᠳᠤ ᠨᠡᠩ ᠰᠢᠯᠢᠳᠡᠭ ᠦᠢᠯᠡᠴᠢᠯᠡᠭᠡ ᠬᠠᠩᠭᠠᠪᠠ᠃     ᠠᠵᠢᠯᠯᠠᠭᠠᠨ ᠤ ᠵᠢᠷᠤᠮᠵᠢᠯ ᠢᠶᠠᠷ ᠺᠠᠳ᠋ᠷ ᠤᠨ ︽ᠬᠡᠷᠡᠭᠵᠢᠭᠦᠯᠬᠦ ᠬᠦᠴᠦᠨ︾᠎ ᠢ ᠳᠡᠭᠡᠭᠰᠢᠯᠡᠭᠦᠯᠦᠨ᠎ᠡ᠃ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢ ᠪᠠᠷᠢᠮᠲᠠᠯᠠᠵᠤ᠂ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ︽ᠭᠤᠷᠪᠠ ᠶᠢ ᠲᠣᠭᠲᠠᠭᠠᠬᠤ︾ ᠲᠥᠰᠦᠯ ᠳᠤ ᠪᠢᠴᠢᠨ ᠣᠷᠣᠭᠤᠯᠵᠤ᠂ ᠪᠠᠶᠢᠩᠭᠤ ᠶᠢᠨ ᠬᠤᠷᠢᠶᠠᠨ ᠤ ᠬᠢᠨᠠᠨ ᠵᠥᠪᠯᠡᠬᠦ ᠲᠡᠰ ᠳᠠᠷᠠᠭᠠᠯᠠᠯ ᠵᠡᠷᠭᠡ 20 ᠭᠠᠷᠤᠢ ᠵᠦᠢᠯ ᠤᠨ ᠲᠦᠷᠢᠮ ᠢ ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠪᠠ︔ ︽ᠤᠳᠠᠭᠠᠨ ᠪᠦᠳᠦᠭᠦᠯᠢᠭ ᠬᠤᠭᠤᠰᠣᠨ︾ ᠠᠰᠠᠭᠤᠳᠠᠯ ᠢ ᠴᠢᠩᠭ᠎ᠠ ᠠᠩᠬᠠᠷᠴᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠩᠭᠤ ᠶᠢᠨ ᠬᠤᠷᠢᠶᠠᠨ ᠤ ᠭᠠᠷᠠᠭ ᠤᠨ ᠪᠠᠶᠢᠴᠠᠭᠠᠨ ᠰᠤᠳᠤᠯᠤᠯᠲᠠ ᠶᠢᠨ ᠠᠵᠢᠯ ᠤᠨ ᠲᠦᠷᠢᠮ ᠢ ᠭᠦᠨᠵᠡᠭᠡᠢ ᠠᠬᠢᠭᠤᠯᠵᠤ᠂ ︽ᠪᠠᠭ᠎ᠠ ᠲᠤᠯᠭᠠᠭᠤᠷᠢ︾᠎ ᠶᠢᠨ ᠬᠡᠯᠪᠡᠷᠢ ᠪᠠᠷ ᠪᠠᠴᠢᠮ ᠬᠦᠴᠢᠷ ᠵᠣᠪᠠᠭᠤᠷᠢ ᠲᠠᠢ ᠪᠠᠶᠢᠬᠤ 16 ᠠᠰᠠᠭᠤᠳᠠᠯ ᠢ ᠰᠢᠢᠳᠪᠦᠷᠢᠯᠡᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠦᠨᠡᠨ ᠬᠦ ᠠᠷᠠᠳ ᠲᠤ ᠠᠰᠢᠭ ᠬᠦᠷᠲᠡᠭᠡᠬᠦ ᠦᠷ᠎ᠡ ᠪᠦᠲᠦᠮᠵᠢ ᠪᠣᠯᠭᠠᠨ ᠬᠤᠪᠢᠷᠠᠭᠤᠯᠪᠠ︔ ᠡᠭᠦᠨ ᠤ ᠬᠠᠮᠲᠤ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠡᠭᠡᠳᠦ ᠲᠤᠤᠷᠠᠳᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠰᠢᠯᠴᠠᠭ᠎ᠠ ᠶᠢ ᠥᠷᠨᠢᠭᠦᠯᠬᠦ ᠶᠢ ᠴᠢᠬᠤᠯᠠᠴᠢᠯᠠᠵᠤ᠂ ᠪᠠᠯᠭᠠᠰᠤ ︵ᠵᠡᠭᠡᠯᠢ ᠭᠤᠳᠤᠮᠵᠢ︶᠎ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠰᠢᠯᠴᠠᠭ᠎ᠠ ᠶᠢ ᠪᠦᠲᠦᠮᠵᠢᠲᠡᠢ ᠥᠷᠨᠢᠭᠦᠯᠬᠦ ᠶᠢ ᠴᠢᠬᠤᠯᠠᠴᠢᠯᠠᠵᠤ᠂ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠᠷ ᠲᠠᠮᠵᠢᠭᠤᠯᠪᠠ  ᠃   ᠤᠬᠠᠭᠤᠯᠭ᠎ᠠ ᠎ ᠪᠠᠷ ᠳᠠᠮᠵᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠨᠥᠯᠥᠭᠡᠯᠡᠬᠦ ᠬᠦᠴᠦᠨ︾᠎ ᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠳᠤ ᠲᠠᠯᠪᠢᠭᠰᠠᠨ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠶᠢᠭᠤᠯᠤᠭᠰᠠᠨ 70 ᠵᠢᠯ ᠤᠨ ᠤᠢ ᠶᠢᠨ ᠡᠬᠡ ᠪᠢᠴᠢᠭ ᠡᠯᠰᠡᠬᠦ᠂ ᠤᠷᠠᠨ ᠪᠢᠴᠢᠯᠭᠡ ᠤᠷᠠᠨ ᠵᠢᠷᠤᠭ᠂ ᠨᠣᠮ ᠤᠩᠰᠢᠬᠤ ᠤᠷᠠᠨ ᠤᠩᠰᠢᠯᠭ᠎ᠠ ᠵᠡᠷᠭᠡ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠦᠨ ᠵᠤᠵᠠᠭᠠᠨ ᠠᠷᠠᠳᠴᠢᠯᠠᠯ ᠤᠨ ᠠᠭᠤᠷ ᠠᠮᠢᠰᠬᠤᠯ ᠢ ᠪᠤᠢ ᠪᠣᠯᠭᠠᠪᠠ︔ ᠡᠭᠦᠨ ᠤ ᠬᠠᠮᠲᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠨᠠᠶᠢᠷᠠᠭᠤᠯᠬᠤ ᠠᠵᠢᠯ ᠢ ᠡᠬᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠤᠯᠠᠮᠵᠢᠯᠠᠨ ᠪᠠᠳᠠᠷᠠᠭᠤᠯᠬᠤ ᠳᠤ ᠡᠷᠬᠢᠮ ᠨᠠᠨᠳᠢᠨ ᠲᠡᠦᠬᠡ ᠶᠢᠨ ᠮᠠᠲ᠋ᠧᠷᠢᠶᠠᠯ ᠬᠠᠩᠭᠠᠪᠠ︔ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠭᠤᠣᠯᠯᠠᠬᠤ ᠡᠷᠬᠡ ᠶᠢ ᠪᠠᠲᠤ ᠡᠵᠡᠮᠳᠡᠵᠦ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠯᠢᠭᠡᠷ ᠢ ᠰᠠᠶᠢᠲᠤᠷ ᠶᠠᠷᠢᠬᠤ ᠶᠢ ᠪᠠᠷᠢᠮᠲᠠᠯᠠᠵᠤ᠂ ᠪᠦᠬᠦ ᠵᠢᠯ ᠳᠤ ᠡᠯ᠎ᠡ ᠲᠦᠷᠦᠯ ᠤᠨ ᠵᠠᠭᠤᠴᠢᠯᠠᠭᠤᠷ ᠲᠤ 100 ᠭᠠᠷᠤᠢ ᠮᠡᠳᠡᠭᠡ ᠵᠠᠩᠭᠢ ᠶᠢ ᠮᠡᠳᠡᠭᠡᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠨᠥᠯᠥᠭᠡᠯᠡᠬᠦ ᠬᠦᠴᠦᠨ ᠢ ᠢᠯᠡᠳᠲᠡ ᠴᠢᠩᠭᠠᠷᠠᠭᠤᠯᠬᠤ ᠪᠠᠷ ᠳᠠᠮᠵᠢᠭᠤᠯᠤᠨ᠂ ᠠᠷᠠᠳ ᠤᠯᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠲᠤᠬᠠᠢ ᠲᠠᠨᠢᠯᠲᠠ ᠪᠠ ᠣᠶᠢᠯᠠᠭᠠᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠥᠭᠵᠢᠯᠲᠡ ᠳᠤ ᠨᠡᠩ ᠥᠷᠭᠡᠨ ᠳᠡᠯᠭᠡᠷ ᠨᠡᠶᠢᠭᠡᠮ ᠤᠨ ᠳᠡᠮᠵᠢᠯᠭᠡ ᠪᠠ ᠵᠥᠪᠰᠢᠶᠡᠷᠡᠯ ᠢ ᠬᠠᠩᠭᠠᠵᠠᠢ᠃    2025 ᠣᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠢᠭᠡ ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠬᠠᠮᠤᠭ ᠤᠨ ᠴᠢᠳᠠᠮᠠᠭᠠᠢ ᠤᠬᠠᠮᠰᠠᠷ ᠢᠶᠠᠨ ᠴᠢᠩᠭᠠᠳᠬᠠᠵᠤ᠂ ᠬᠢᠨᠠᠯᠲᠠ ᠲᠠᠯᠪᠢᠬᠤ ᠠᠵᠢᠯ ᠤᠨ ᠬᠦᠴᠦᠯᠡᠴᠡ᠂ ᠲᠥᠯᠥᠭᠡᠯᠡᠭᠴᠢ ᠶᠢᠨ ᠠᠵᠢᠯ ᠤᠨ ᠬᠠᠯᠠᠭᠤᠨ ᠰᠡᠳᠬᠢᠯᠭᠡ᠂ ︽ᠲᠦᠷᠪᠡᠨ ᠪᠠᠶᠢᠭᠤᠯᠭ᠎ᠠ︾᠎ ᠶᠢᠨ ᠪᠠᠶᠢᠭᠤᠯᠤᠯᠲᠠ ᠶᠢᠨ ᠡᠷᠴᠢᠮ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠠᠵᠢᠯᠯᠠᠵᠤ᠂ ︽ᠭᠤᠷᠪᠠ ᠶᠢ ᠤᠷᠢᠳ ᠢᠶᠠᠷ ᠬᠢᠬᠦ︾᠎ ᠪᠠᠷ ᠵᠢᠯᠤᠭᠤᠳᠤᠯᠭ᠎ᠠ ᠪᠣᠯᠭᠠᠵᠤ᠂ ︽ᠬᠠᠷᠠᠯᠲᠠ ᠪᠠᠨ ᠲᠣᠭᠲᠠᠭᠠᠵᠤ᠂ ᠬᠦᠴᠢᠷ ᠢ ᠰᠦᠷᠦᠨ ᠤᠷᠤᠭᠰᠢᠯᠠᠵᠤ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ︽ᠰᠢᠨ᠎ᠡ ᠵᠠᠮ ᠢᠶᠠᠷ ᠤᠷᠤᠭᠰᠢᠯᠠᠵᠤ ᠳᠤᠮᠳᠠ ᠲᠦᠪᠰᠢᠨ ᠳᠤ ᠤᠷᠤᠬᠤ︾ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃           
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号