ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠷᠧᠨ | ᠶᠦᠩ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠡᠭᠡᠷ᠎ᠡ ᠬᠠᠶᠢᠷᠤᠪ ᠤᠨ ᠲᠤᠬᠤᠢ ᠲᠣᠭᠤᠷᠢᠭ ᠤᠨ | ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠬᠢᠪᠡ | | ᠥᠩᠭᠡᠷᠡᠭᠰᠡᠨ ᠨᠢᠭᠡ ᠵᠢᠯ ᠳᠤ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ | ᠲᠤᠭᠤᠷᠢᠭ ᠤᠨ ᠨᠠᠮ ᠤᠨ ᠬᠤᠷᠢᠶ᠎ᠠ ᠪᠣᠯᠤᠨ ᠳᠡᠭᠡᠳᠦ ᠱᠠᠲᠤᠨ ᠤ ᠪᠠᠶᠢᠴᠠᠭᠠᠬᠤ ᠬᠤᠷᠢᠶ᠎ᠠ ᠶᠢᠨ ᠤᠳᠤᠷᠢᠳᠤᠯᠭ᠎ᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠵᠠᠰᠠᠭ ᠤᠨ ᠣᠷᠳᠣᠨ᠂ ᠤᠯᠤᠰ ᠲᠦᠷᠦ ᠶᠢᠨ | ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠳᠡᠮᠵᠢᠯᠭᠡ ᠳᠣᠣᠷ᠎ᠠ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ | ᠰᠢᠵᠢᠮ ᠪᠣᠯᠭᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠦᠨᠡᠨᠴᠢ ᠰᠢᠳᠤᠷᠭᠤ ᠵᠠᠩ ᠰᠤᠷᠲᠠᠯ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ ᠲᠡᠮᠡᠴᠡᠯ ᠤᠨ ᠵᠣᠷᠢᠭ ᠰᠠᠨᠠᠭ᠎ᠠ᠂ ᠠᠷᠠᠳ ᠲᠦᠮᠡᠨ ᠢ ᠳᠡᠭᠡᠳᠦᠯᠡᠬᠦ ᠪᠣᠳᠠᠲᠠᠢ ᠶᠢ ᠡᠷᠬᠢᠮᠯᠡᠬᠦ | ᠰᠤᠷᠲᠠᠯ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠪᠦᠯᠬᠦᠮᠳᠡᠯ ᠤᠨ ᠬᠦᠴᠦᠨ ᠢ ᠪᠠᠷᠢᠮᠲᠠᠯᠠᠵᠤ᠂ ᠰᠠᠬᠢᠯᠭ᠎ᠠ | ᠪᠠᠲᠤ ᠶᠢ ᠴᠢᠩᠭ᠎ᠠ ᠰᠠᠬᠢᠬᠤ ᠠᠷᠢᠭᠤᠨ ᠴᠡᠪᠡᠷ ᠤᠨ ᠡᠩᠨᠡᠭᠡ︾ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠡᠯ᠎ᠡ | ᠵᠦᠢᠯ ᠤᠨ ᠠᠵᠢᠯ ᠯᠠᠪᠳᠠᠭᠤᠨ ᠢᠶᠠᠷ ᠤᠷᠤᠭᠰᠢᠯᠠᠵᠤ᠂ ᠢᠯᠡᠳᠲᠡ ᠦᠷ᠎ᠡ ᠪᠦᠲᠦᠮᠵᠢ ᠤᠯᠪᠠ᠃ | ᠨᠢᠭᠡ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠠᠮᠤᠷ | ᠲᠦᠪᠰᠢᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠬᠠᠮᠠᠭᠠᠯᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ | ᠮᠡᠬᠡᠯᠡᠯ ᠤᠨ ᠶᠠᠯᠠᠲᠤ ᠬᠡᠷᠡᠭ ᠢ 25 ᠬᠡᠷᠡᠭ 39 ᠬᠥᠮᠦᠨ ᠢ ᠰᠢᠢᠳᠪᠦᠷᠢᠯᠡᠪᠡ︔ ᠢᠯᠵᠠᠷᠠᠯ ᠤᠨ ᠶᠠᠯᠠᠲᠤ ᠬᠡᠷᠡᠭ ᠢ | ᠴᠢᠩᠭ᠎ᠠ ᠰᠢᠢᠳᠬᠡᠵᠦ᠂ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠡᠷᠬᠡ ᠲᠤᠰᠢᠶᠠᠯ ᠤᠨ ᠶᠠᠯᠠᠲᠤ ᠬᠡᠷᠡᠭ ᠢ 7 ᠬᠡᠷᠡᠭ 7 | ᠬᠥᠮᠦᠨ ᠢ ᠬᠢᠨᠠᠨ ᠪᠠᠶᠢᠴᠠᠭᠠᠵᠤ ᠵᠠᠭᠠᠯᠳᠤᠭᠤᠯᠬᠤ ᠪᠠᠷ ᠰᠢᠯᠵᠢᠭᠦᠯᠦᠨ ᠬᠦᠷᠭᠡᠪᠡ︔ ᠠᠵᠤ ᠠᠬᠤᠶᠢᠯᠠᠯ ᠢ ᠬᠠᠪᠰᠤᠷᠤᠨ | 92 ᠲᠦᠮᠡ ᠭᠠᠷᠤᠶ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠬᠢᠨᠠᠨ ᠪᠠᠶᠢᠴᠠᠭᠠᠵᠤ᠂ ᠠᠵᠤ ᠠᠬᠤᠶᠢᠯᠠᠯ ᠳᠤ | ᠬᠤᠯᠪᠣᠭᠳᠠᠭᠰᠠᠨ ᠪᠠᠶᠢᠴᠠᠭᠠᠬᠤ ᠰᠠᠨᠠᠭᠤᠯᠭ᠎ᠠ ᠶᠢ 6 ᠬᠤᠪᠢ ᠰᠢᠢᠳᠪᠦᠷᠢᠯᠡᠪᠡ︔ ᠭᠦᠨ ᠳᠠᠪᠬᠤᠷᠭ᠎ᠠ ᠠᠴᠠ ᠣᠷᠴᠢᠨ | ᠲᠣᠭᠤᠷᠢᠨ ᠤ ᠵᠠᠰᠠᠯᠲᠠ ᠶᠢ ᠠᠬᠢᠭᠤᠯᠵᠤ᠂ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ | ᠢᠳᠡᠪᠬᠢᠲᠡᠢ ᠭᠦᠢᠴᠡᠳᠬᠡᠬᠦ ᠶᠢ ᠰᠢᠪᠠᠳᠠᠪᠠ᠃ ᠣᠯᠠᠨ ᠠᠷᠭ᠎ᠠ ᠵᠠᠮ ᠢᠶᠠᠷ ᠵᠠᠷᠭᠤ ᠶᠢᠨ ᠢᠷᠡᠯᠲᠡ ᠶᠢ ᠵᠠᠰᠠᠬᠤ ᠶᠢ | ᠰᠦᠪᠡᠭᠴᠢᠯᠡᠵᠦ᠂ ᠲᠣᠮᠣ ᠳ᠋ᠠᠶᠢᠲ᠋ᠠ ᠶᠢᠨ ᠬᠢᠨᠠᠯᠲᠠ ᠶᠢᠨ ᠵᠠᠭᠪᠤᠷ ᠢᠶᠠᠷ ᠳᠠᠮᠵᠢᠭᠤᠯᠤᠨ ᠡᠳ᠋ ᠬᠥᠷᠥᠩᠭᠡ ᠶᠢᠨ | ᠡᠷᠡᠭᠦᠦ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠢᠴᠢ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ | ᠪᠠᠶᠢᠴᠠᠭᠠᠬᠤ ᠬᠢᠨᠠᠯᠲᠠ ᠲᠠᠯᠪᠢᠬᠤ ᠰᠦᠪᠡᠭᠴᠢ ᠶᠢ 59 ᠢᠯᠡᠷᠡᠭᠦᠯᠵᠦ᠂ ᠪᠠᠶᠢᠴᠠᠭᠠᠨ ᠬᠠᠷᠭᠤᠭᠤᠯᠬᠤ ᠪᠠᠷ ᠳᠡᠮᠵᠢᠨ | ᠨᠢᠭᠡᠨᠲᠡ 4 ᠬᠡᠷᠡᠭ ᠢ ᠪᠡᠶᠡᠯᠡᠭᠦᠯᠪᠡ᠃ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠤᠨ ᠰᠦᠪᠡᠭᠴᠢ ᠶᠢ 15 | ᠢᠯᠡᠷᠡᠭᠦᠯᠵᠦ᠂ 1 ᠬᠡᠷᠡᠭ ᠢ ᠬᠡᠷᠡᠭ ᠪᠣᠯᠭᠠᠨ ᠳᠠᠩᠰᠠᠯᠠᠬᠤ ᠶᠢᠨ ᠬᠠᠮᠲᠤ ᠪᠠᠶᠢᠴᠠᠭᠠᠬᠤ ᠰᠠᠨᠠᠭᠤᠯᠭ᠎ᠠ ᠳᠤᠷᠠᠳᠪᠠ︔ 1 | ᠬᠡᠷᠡᠭ ᠢ ᠬᠡᠷᠡᠭ ᠪᠣᠯᠭᠠᠨ ᠳᠠᠩᠰᠠᠯᠠᠪᠠ︔ ᠬᠡᠷᠡᠭ ᠰᠢᠢᠳᠪᠦᠷᠢᠯᠡᠬᠦ ᠶᠠᠪᠤᠴᠠ ᠳᠤ ᠬᠠᠮᠢᠶᠠᠷᠤᠯᠲᠠ ᠶᠢᠨ ᠳᠤᠲᠠᠭᠳᠠᠯ ᠢ | ᠢᠯᠡᠷᠡᠭᠦᠯᠵᠦ᠂ ᠠᠵᠢᠯ ᠲᠦᠷᠦᠯ ᠤᠨ ᠰᠠᠮᠠᠭᠤᠨ ᠦᠵᠡᠭᠳᠡᠯ ᠤᠨ ᠠᠰᠠᠭᠤᠳᠠᠯ ᠪᠠ ᠬᠢᠨᠠᠯᠲᠠ ᠬᠠᠮᠢᠶᠠᠷᠤᠯᠲᠠ ᠶᠢᠨ | ᠳᠤᠲᠠᠭᠳᠠᠯ ᠳᠤ ᠴᠢᠭᠯᠡᠭᠦᠯᠦᠨ ᠠᠵᠢᠯ ᠲᠦᠷᠦᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠯᠦᠭᠡ ᠬᠠᠮᠲᠤᠷᠠᠭᠰᠠᠨ ᠬᠤᠷᠠᠯ ᠢ 2 ᠤᠳᠠᠭ᠎ᠠ ᠬᠤᠷᠠᠯᠳᠤᠭᠤᠯᠵᠤ᠂ ᠬᠤᠯᠪᠣᠭᠳᠠᠯ ᠪᠦᠬᠦᠢ 5 ᠬᠡᠷᠡᠭ ᠢ | ᠰᠤᠳᠤᠯᠤᠨ ᠮᠠᠭᠠᠳᠯᠠᠵᠤ᠂ 4 ᠬᠤᠪᠢ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠵᠣᠬᠢᠶᠠᠵᠤ ᠲᠠᠷᠬᠠᠭᠠᠵᠠᠢ︔ | ᠬᠠᠤᠯᠢ ᠪᠠᠷ ᠵᠠᠰᠠᠬᠤ ᠬᠦᠴᠦᠨ ᠢᠶᠠᠷ ᠣᠨᠴᠠ ᠲᠣᠭᠲᠠᠭᠰᠠᠨ ᠣᠯᠠᠨ ᠲᠦᠮᠡᠨ ᠤ ᠡᠷᠬᠡ ᠠᠰᠢᠭ ᠤᠨ ︽ᠬᠠᠮᠠᠭᠠᠯᠠᠭᠴᠢ︾ | ᠶᠢ ᠲᠤᠯᠭᠠᠭᠤᠷᠢᠯᠠᠵᠤ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ 59 ᠬᠤᠪᠢ 61 ᠬᠥᠮᠦᠨ ᠢ ᠬᠦᠯᠢᠶᠡᠨ | ᠠᠪᠴᠤ᠂ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠬᠡᠷᠡᠭ ᠢ 10 ᠰᠢᠢᠳᠪᠦᠷᠢᠯᠡᠵᠦ᠂ ᠬᠠᠤᠯᠢ ᠴᠠᠭᠠᠵᠠ ᠶᠢᠨ | ᠠᠪᠤᠷᠠᠨ ᠲᠤᠰᠠᠯᠠᠬᠤ ᠮᠥᠩᠭᠦ ᠶᠢ 11 ᠲᠦᠮᠡᠨ ᠲᠥᠭᠦᠷᠢᠭ ᠲᠠᠷᠬᠠᠭᠠᠪᠠ᠃ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠬᠠᠮᠲᠤᠷᠠᠭᠰᠠᠨ ᠬᠤᠷᠠᠯ ᠢ 3 ᠤᠳᠠᠭ᠎ᠠ | ᠥᠷᠨᠢᠭᠦᠯᠵᠦ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠴᠢᠩᠭ᠎ᠠ ᠠᠳᠬᠤᠵᠤ᠂ ᠠᠩᠬᠠᠨ ᠤ ᠤᠬᠠᠭᠤᠯᠭ᠎ᠠ ᠶᠢᠨ | ᠪᠦᠲᠦᠭᠡᠯ 265᠂ 1 ᠪᠦᠲᠦᠭᠡᠯ ᠨᠢ ᠤᠯᠤᠰ ᠤᠨ ᠲᠡᠰ ᠤᠨ ᠢᠷᠠᠭᠤ ᠠᠯᠳᠠᠷ ᠢ ᠬᠦᠷᠲᠡᠵᠦ᠂ 103 ᠪᠦᠲᠦᠭᠡᠯ ᠨᠢ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠵᠠᠭᠤᠴᠢᠯᠠᠭᠤᠷ ᠤᠨ ᠬᠦᠯᠢᠶᠡᠨ ᠠᠪᠴᠠᠶ︔ | ᠤᠯᠤᠰ ᠤᠨ ᠲᠡᠰ ᠤᠨ ᠪᠣᠯᠪᠠᠰᠤᠨ ᠨᠢᠭᠡᠴᠡ ᠶᠢᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ︽ᠦᠬᠠᠶ | ᠬᠤᠲᠠ ᠶᠢᠨ ᠯᠧᠢ ᠹᠧᠩ ᠠᠴᠠ ᠰᠤᠷᠤᠯᠴᠠᠭᠰᠠᠨ ᠲᠡᠷᠢᠭᠦᠨ ᠤ ᠨᠢᠭᠡᠴᠡ︾ ᠪᠠᠷ ᠦᠨᠡᠯᠡᠭᠳᠡᠵᠦ᠂ 2 ᠪᠦᠯᠦᠭ ᠨᠢ | ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠵᠢᠱᠢᠶᠡᠴᠢ ᠶᠢᠨ ᠴᠣᠯᠠ ᠶᠢ ᠬᠦᠷᠲᠡᠵᠦ᠂ | 2 ᠬᠥᠮᠦᠨ ᠨᠢ ᠥᠪᠡᠷᠲᠡᠭᠡᠨ ᠵᠠᠰᠠᠬᠤ ᠣᠷᠣᠨ ᠤ ᠤᠨᠤᠯ ᠤᠨ ᠰᠤᠳᠤᠯᠤᠨ ᠶᠠᠷᠢᠯᠴᠠᠬᠤ ᠬᠤᠷᠠᠯ ᠤᠨ ᠱᠠᠩᠨᠠᠯ ᠢ | ᠬᠦᠷᠲᠡᠵᠦ᠂ ᠪᠦᠬᠦ ᠠᠷᠠᠳ ᠤᠨ ᠤᠩᠰᠢᠯᠭ᠎ᠠ ᠶᠢᠨ ᠴᠢᠨᠠᠷᠲᠠᠶ ᠨᠢᠭᠡᠴᠡ᠂ 18 ᠪᠠᠶᠢᠴᠠᠭᠠᠬᠤ ᠠᠵᠢᠯᠲᠠᠨ ᠡᠯ᠎ᠡ | ᠱᠠᠲᠤᠨ ᠤ ᠬᠥᠬᠢᠭᠦᠯᠦᠯ ᠢ ᠬᠦᠷᠲᠡᠵᠦ᠂ 2 ᠪᠠᠶᠢᠴᠠᠭᠠᠭᠴᠢ ᠨᠢ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠭᠠᠳᠤᠢ | ᠴᠢᠳᠠᠪᠤᠷᠢᠲᠠᠨ ᠤ ᠬᠥᠮᠥᠷᠭᠡ ᠳᠤ ᠰᠣᠩᠭᠤᠭᠳᠠᠪᠠ︔ 1 ᠪᠠᠶᠢᠴᠠᠭᠠᠬᠤ ᠲᠤᠰᠢᠶᠠᠯᠲᠠᠨ ᠥᠪᠡᠷᠲᠡᠭᠡᠨ ᠵᠠᠰᠠᠬᠤ | ᠣᠷᠣᠨ ᠤ ᠪᠠᠶᠢᠴᠠᠭᠠᠭᠠᠳᠤᠢ ᠴᠢᠳᠠᠪᠤᠷᠢᠲᠠᠨ ᠤ ᠬᠥᠮᠥᠷᠭᠡ ᠳᠤ ᠰᠣᠩᠭᠤᠭᠳᠠᠪᠠ︔ ᠨᠡᠶᠢᠭᠡᠮ ᠤᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠡᠷᠡᠭ ᠤᠨ ᠵᠢᠷᠤᠮ ᠤᠨ ᠴᠢᠨᠠᠷᠲᠠᠶ ᠮᠡᠳᠡᠭᠡ ᠵᠠᠩᠭᠢ ᠶᠢ 677 ᠬᠤᠪᠢ | ᠨᠡᠶᠢᠲᠡᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠢ ᠤᠷᠢᠵᠤ᠂ ᠪᠠᠶᠢᠴᠠᠭᠠᠬᠤ ᠠᠵᠢᠯ ᠤᠨ ᠨᠡᠭᠡᠭᠡᠯᠲᠡᠲᠦ | ᠡᠳᠦᠷ᠂ ᠲᠢᠩᠬᠢᠮ ᠤᠨ ᠰᠢᠭᠦᠯᠲᠡ ᠶᠢᠨ ᠲᠣᠭᠤᠷᠢᠨ ᠦᠵᠡᠬᠦ ᠵᠡᠷᠭᠡ ᠠᠵᠢᠯᠯᠠᠭ᠎ᠠ ᠳᠤ ᠣᠷᠣᠯᠴᠠᠭᠤᠯᠵᠤ᠂ ᠠᠷᠠᠳ ᠤᠨ | ᠬᠢᠨᠠᠯᠲᠠ ᠲᠠᠯᠪᠢᠭᠴᠢ ᠶᠢ ᠤᠷᠢᠵᠤ 23 ᠬᠤᠪᠢ 36 ᠬᠥᠮᠦᠨ ᠤᠳᠠᠭ᠎ᠠ ᠬᠢᠨᠠᠯᠲᠠ ᠲᠠᠯᠪᠢᠭᠴᠢ ᠪᠣᠯᠭᠠᠪᠠ᠃ | 2025 ᠣᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ | ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠪᠦᠬᠦ ᠲᠠᠯ᠎ᠠ ᠪᠠᠷ ᠭᠦᠢᠴᠡᠳᠬᠡᠵᠦ᠂ ︽ᠭᠤᠷᠪᠠᠨ ᠴᠢᠳᠠᠮᠠᠭᠠᠢ︾ | ᠤᠨᠤᠯ ᠤᠨ ᠠᠭᠤᠯᠤᠭᠳᠠᠬᠤᠨ ᠢ ᠭᠦᠨᠵᠡᠭᠡᠢ ᠡᠵᠡᠮᠳᠡᠵᠦ᠂ ︽ᠭᠤᠷᠪᠠᠨ ᠬᠠᠮᠢᠶᠠᠷᠤᠯᠲᠠ︾ ᠶᠢ ᠨᠢᠭᠡ ᠴᠤᠭᠴᠠᠵᠢᠭᠤᠯᠤᠨ | ᠪᠣᠳᠠᠲᠠᠢ ᠠᠳᠬᠤᠵᠤ ᠥᠨᠳᠥᠷ ᠶᠠᠰᠤ ᠴᠢᠨᠠᠷ ᠦᠷ᠎ᠡ ᠪᠦᠲᠦᠮᠵᠢᠲᠡᠢ ᠪᠠᠷ ᠬᠡᠷᠡᠭ ᠨᠢᠭᠡᠪᠦᠷᠢ ᠶᠢ ᠰᠠᠶᠢᠲᠤᠷ ᠡᠷᠬᠢᠯᠡᠨ᠎ᠡ᠃ | ᠨᠠᠩ ᠥᠨᠳᠥᠷ ᠵᠣᠭᠰᠣᠴᠠ ᠪᠠᠷ ᠤᠯᠤᠰ ᠲᠥᠷᠥ ᠶᠢᠨ ᠪᠠᠶᠢᠭᠤᠯᠤᠯᠲᠠ ᠶᠢ ᠪᠠᠬᠢᠵᠢᠭᠦᠯᠵᠦ᠂ ︽ᠶᠡᠭᠡ ᠲᠠᠯ᠎ᠠ ᠳᠤ | ᠤᠶᠢᠯᠡᠴᠢᠯᠡᠬᠦ᠂ ᠠᠷᠠᠳ ᠤᠨ ᠬᠠᠤᠯᠢ ᠴᠠᠭᠠᠵᠠ᠂ ᠬᠠᠤᠯᠢ ᠪᠠᠷ ᠵᠠᠰᠠᠬᠤ ᠡᠭᠦᠷᠭᠡ︾ ᠶᠢᠨ ᠡᠭᠦᠷᠭᠡ ᠬᠠᠷᠢᠭᠤᠴᠠᠯᠭ᠎ᠠ ᠶᠢ | ᠦᠨᠡᠨ ᠬᠦ ᠡᠭᠦᠷᠭᠡᠯᠡᠨ᠎ᠡ︔ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠬᠥᠭᠵᠢᠯᠲᠡ ᠶᠢᠨ ᠶᠡᠭᠡ ᠲᠠᠯ᠎ᠠ ᠳᠤ ᠤᠶᠢᠯᠡᠴᠢᠯᠡᠵᠤ᠂ | ᠪᠠᠶᠢᠴᠠᠭᠠᠬᠤ ᠠᠵᠢᠯ ᠢ ᠰᠠᠨᠠᠭᠠᠴᠢᠯᠠᠭ᠎ᠠ ᠠᠴᠠ ᠪᠠᠨ ᠬᠠᠶᠢᠷᠤᠪ ᠤᠨ ᠲᠣᠬᠤᠶ ᠲᠣᠭᠤᠷᠢᠭ ᠤᠨ ᠬᠥᠭᠵᠢᠯᠲᠡ ᠶᠢᠨ ᠶᠡᠭᠡ | ᠲᠠᠯ᠎ᠠ ᠳᠤ ᠤᠶᠢᠯᠡᠴᠢᠯᠡᠨ᠎ᠡ᠃ ᠰᠢᠨ᠎ᠡ ᠨᠢᠭᠡ ᠵᠢᠯ ᠳᠤ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ | ᠪᠠᠶᠢᠴᠠᠭᠠᠬᠤ ᠬᠤᠷᠢᠶ᠎ᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠠᠯᠲᠠ ᠪᠠᠨ | ᠲᠣᠭᠲᠠᠭᠠᠵᠤ᠂ ᠲᠣᠭᠲᠠᠭᠤᠨ ᠢᠶᠠᠷ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠦᠨᠡᠨ ᠢ ᠪᠠᠷᠢᠮᠲᠠᠯᠠᠨ ᠪᠣᠳᠠᠲᠠᠢ ᠶᠢ | ᠡᠷᠬᠢᠮᠯᠡᠵᠦ᠂ ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠢᠴᠡᠳᠬᠡᠵᠦ᠂ ᠡᠯ᠎ᠡ ᠵᠦᠢᠯ ᠤᠨ ᠪᠠᠶᠢᠴᠠᠭᠠᠬᠤ ᠠᠵᠢᠯ ᠤᠨ | ᠲᠡᠰ ᠳᠡᠪᠰᠢᠬᠦ ᠶᠢ ᠠᠬᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠳᠤ ᠪᠠᠲᠤ ᠪᠠᠬᠢ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃ | | |