ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠨᠢ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠲᠦᠯᠬᠢᠨ | ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠳᠡᠭᠡᠳᠦ ᠬᠡᠮᠵᠢᠶᠡᠨ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ | ᠠᠬᠢᠭᠤᠯᠬᠤ ᠲᠠᠯ᠎ᠠ ᠪᠠᠷ ᠰᠢᠰᠲ᠋ᠧᠮ ᠲᠠᠢ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠦᠬᠠᠶ ᠬᠤᠲᠠ ᠶᠢᠨ ᠬᠠᠶᠢᠷᠤᠪ ᠤᠨ | ᠲᠣᠬᠤᠶ ᠶᠢᠨ ᠲᠣᠭᠤᠷᠢᠭ ᠤᠨ ᠬᠢᠨ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠪᠠᠲᠤ ᠴᠢᠩᠭ᠎ᠠ ᠤᠯᠤᠰ | ᠲᠥᠷᠥ ᠶᠢᠨ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠡᠷᠡ ᠳᠠᠷᠤᠶ ᠳᠤᠨᠢ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠥᠭᠡᠷᠡᠴᠢᠯᠡᠯᠲᠡ ᠶᠢᠨ ᠠᠰᠠᠭᠤᠳᠠᠯ ᠢ | ᠰᠢᠢᠤᠡᠪᠤᠷᠢᠯᠡᠬᠦ᠂ ᠳᠦᠷᠢᠮ ᠤᠨ ᠠᠰᠠᠭᠤᠳᠠᠯ ᠢ ᠰᠢᠢᠤᠡᠪᠤᠷᠢᠯᠡᠬᠦ᠂ ᠠᠵᠢᠯᠯᠠᠭ᠎ᠠ ᠶᠢᠨ ᠪᠠᠶᠢᠳᠠᠯ ᠢ ᠰᠢᠢᠤᠡᠪᠤᠷᠢᠯᠡᠬᠦ ᠶᠢ | ᠪᠠᠷᠢᠮᠲᠠᠯᠠᠨ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠪᠡᠷᠬᠡ ᠶᠢ ᠳᠤᠭᠤᠯᠵᠤ᠂ ᠠᠵᠤ ᠠᠬᠤᠶ ᠶᠢᠨ ᠬᠥᠭᠵᠢᠯᠲᠡ᠂ | ᠨᠡᠶᠢᠭᠡᠮ ᠤᠨ ᠠᠷᠠᠳ ᠤᠨ ᠠᠮᠢᠳᠤᠷᠠᠯ ᠤᠨ ᠲᠠᠯ᠎ᠠ ᠪᠠᠷ ᠰᠢᠨ᠎ᠡ ᠠᠬᠢᠯᠲᠠ ᠲᠠᠢ ᠪᠣᠯᠪᠠ᠃ ᠣᠶᠢᠷ᠎ᠠ ᠳᠤ | ᠰᠤᠷᠪᠤᠯᠵᠢᠯᠠᠭᠴᠢ ᠦᠬᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠶ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠦᠸᠧ ᠢ ᠵᠢᠶᠧ ᠶᠢ ᠰᠤᠷᠪᠤᠯᠵᠢᠯᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠬᠡᠷᠬᠢᠨ ᠥᠭᠡᠷᠡᠴᠢᠯᠡᠯᠲᠡ ᠪᠠᠷ ᠬᠥᠳᠡᠭᠡ ᠠᠵᠤ ᠠᠬᠤᠢ ᠬᠥᠳᠡᠭᠡ | ᠲᠣᠰᠬᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠤᠢ︖ | ᠭᠦᠸᠧ ᠢ ᠵᠢᠶᠧ᠄ ᠥᠭᠡᠷᠡᠴᠢᠯᠡᠯᠲᠡ ᠶᠢᠨ ᠰᠡᠳᠬᠢᠬᠦᠢ ᠪᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠬᠥᠭᠵᠢᠯᠲᠡ ᠶᠢᠨ ︽ᠰᠢᠨ᠎ᠡ | ᠬᠥᠳᠡᠯᠭᠡᠭᠦᠷ︾ ᠢ ᠴᠣᠭᠴᠠᠯᠠᠨ᠎ᠠ᠃ ᠪᠥᠬᠦ ᠴᠠᠷᠠᠭᠠᠨ ᠤ 6543 ᠮᠥ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠲᠤ ᠴᠥᠮ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ ᠪᠠᠷᠢᠯᠭ᠎ᠠ ᠶᠢᠨ ᠠᠬᠢᠴᠠ ᠨᠢ | ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠳᠠᠪᠠᠪᠠ᠃ ᠬᠤᠲᠠ ᠬᠥᠳᠡᠭᠡ ᠶᠢ ᠨᠢᠭᠡ | ᠴᠤᠭᠴᠠᠵᠢᠭᠤᠯᠬᠤ ᠰᠠᠭᠤᠷᠢ ᠪᠡᠯᠡᠳᠬᠡᠮᠵᠢ ᠶᠢᠨ ᠥᠭᠡᠷᠡᠴᠢᠯᠡᠯᠲᠡ ᠶᠢ ᠪᠥᠬᠦ ᠬᠦᠴᠦᠨ ᠢᠶᠠᠷ ᠠᠬᠢᠭᠤᠯᠵᠤ᠂ ᠵᠠᠰᠠᠭ | ᠵᠠᠬᠢᠷᠭᠠᠨ ᠤ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠵᠦ᠂ ᠠᠮᠢᠳᠤᠷᠠᠯ ᠤᠨ ᠬᠤᠭ ᠨᠣᠪᠰᠢ ᠶᠢ | ᠲᠥᠪᠯᠡᠷᠡᠭᠦᠯᠦᠨ ᠰᠢᠢᠤᠡᠪᠤᠷᠢᠯᠡᠵᠤ᠂ ᠪᠣᠬᠢᠷ ᠤᠰᠤ ᠶᠢ ᠰᠢᠢᠤᠡᠪᠤᠷᠢᠯᠡᠬᠦ ᠪᠡᠯᠡᠳᠬᠡᠮᠵᠢ ᠶᠢᠨ ᠠᠵᠢᠯᠯᠠᠭᠠᠨ ᠤ ᠨᠣᠷᠮ᠎ᠠ ᠶᠢ | 100% ᠳᠤ ᠲᠠᠷᠢᠶᠠᠯᠠᠩ ᠤᠨ ᠥᠨᠳᠥᠷ ᠪᠦᠲᠦᠮᠵᠢᠲᠡᠶ ᠰᠣᠳᠣᠨ ᠪᠦᠲᠦᠭᠡᠭᠳᠡᠬᠦᠨ ᠤ ᠬᠥᠭᠵᠢᠯᠲᠡ ᠪᠠᠷ | ᠥᠭᠡᠷᠡᠴᠢᠯᠡᠯᠲᠡ ᠶᠢᠨ ᠴᠢᠭᠯᠡᠯ ᠪᠣᠯᠭᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠦᠬᠠᠶ ᠶᠢᠨ ᠦᠵᠦᠮ ᠤᠨ ︽ᠳᠤᠮᠳᠠᠳᠤ ᠤᠯᠤᠰ ᠤᠨ ᠲᠠᠷᠢᠶᠠᠯᠠᠩ ᠤᠨ | ᠨᠠᠷᠠᠲᠤ ᠲᠥᠷᠥᠯ ᠲᠡᠮᠳᠡᠭᠲᠦ ᠶᠢᠨ ᠨᠡᠷᠡᠰ ᠤᠨ ᠵᠢᠭᠰᠠᠭᠠᠯᠲᠠ︾ ᠳᠤ ᠰᠣᠩᠭᠤᠭᠳᠠᠬᠤ ᠶᠢ ᠠᠮᠵᠢᠯᠲᠠᠲᠠᠶ ᠠᠬᠢᠭᠤᠯᠪᠠ᠃ | ᠪᠦᠯᠬᠦᠮᠳᠡᠯ ᠰᠢᠨ᠎ᠡ ᠲᠣᠰᠬᠤᠨ᠂ ᠸᠠᠩ ᠶᠤᠶᠠᠨ ᠳ᠋ᠢ ᠲᠣᠰᠬᠤᠨ ᠥᠪᠡᠷᠲᠡᠭᠡᠨ ᠵᠠᠰᠠᠬᠤ ᠣᠷᠣᠨ ᠤ ᠬᠥᠳᠡᠭᠡ | ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠦᠨᠡᠯᠡᠭᠳᠡᠵᠦ᠂ ᠬᠥᠳᠡᠭᠡ ᠠᠵᠤ ᠠᠬᠤᠢ ᠰᠣᠶᠣᠯ | ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠨᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ | ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠬᠡᠷᠬᠢᠨ ᠥᠭᠡᠷᠡᠴᠢᠯᠡᠯᠲᠡ ᠪᠠᠷ ᠠᠵᠤ ᠤᠶᠢᠯᠡᠤᠡᠪᠤᠷᠢ ᠶᠢᠨ | ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠶᠢ | ᠲᠦᠷᠭᠡᠳᠬᠡᠬᠦ ᠪᠣᠶ︖ | ᠭᠦᠸᠧ ᠢ ᠵᠢᠶᠧ᠄ ᠪᠣᠬᠢᠷᠲᠤᠯ ᠦᠭᠡᠢ ᠬᠥᠭᠵᠢᠯᠲᠡ ᠪᠠᠷ ᠠᠵᠤ ᠦᠢᠯᠡᠳᠪᠦᠷᠢ ᠶᠢᠨ ᠬᠡᠯᠪᠡᠷᠢ ᠪᠠᠨ | ᠬᠤᠪᠢᠷᠠᠭᠤᠯᠬᠤ ᠶᠢᠨ ᠬᠦᠴᠦᠯᠡᠬᠦ ᠴᠡᠭ ᠪᠠ ᠰᠢᠪᠲᠤᠯᠤᠯᠲᠠ ᠶᠢᠨ ᠴᠡᠭ ᠪᠣᠯᠭᠠᠬᠤ ᠶᠢ ᠪᠠᠷᠢᠮᠲᠠᠯᠠᠵᠤ᠂ ᠤᠯᠠᠮᠵᠢᠯᠠᠯᠲᠤ | ᠠᠵᠤ ᠦᠢᠯᠡᠰ ᠤᠨ ᠰᠢᠨ᠎ᠡ ᠬᠥᠭᠵᠢᠯᠲᠡ ᠶᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠪᠤᠵᠠᠭᠠᠶᠢᠷᠠᠯᠲᠠ ᠶᠢ ᠠᠬᠢᠭᠤᠯᠤᠨ᠎ᠠ᠃ ᠠᠭᠤᠷᠬᠠᠶ ᠶᠢᠨ ᠡᠷᠬᠡ᠂ ᠨᠡᠭᠦᠷᠡᠰᠦ ᠤᠬᠢᠶᠠᠬᠤ᠂ ᠬᠡᠦᠷᠰᠢᠭᠦᠯᠬᠦ ᠶᠢ ᠡᠮᠬᠢᠯᠡᠨ | ᠨᠡᠶᠢᠯᠡᠭᠦᠯᠬᠦ ᠪᠠᠷ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠭᠤᠣᠯᠳᠠᠯᠭ᠎ᠠ ᠪᠣᠯᠭᠠᠵᠤ᠂ | ᠨᠡᠭᠦᠷᠡᠰᠦᠨ ᠠᠭᠤᠷᠬᠠᠶ ᠶᠢ ᠡᠮᠬᠢᠯᠡᠨ ᠨᠡᠶᠢᠯᠡᠭᠦᠯᠬᠦ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠨᠡᠭᠦᠷᠡᠰᠦᠨ ᠪᠤᠰᠤ | ᠠᠭᠤᠷᠬᠠᠶ ᠶᠢ ᠡᠮᠬᠢᠯᠡᠨ ᠨᠡᠶᠢᠯᠡᠭᠦᠯᠬᠦ ᠠᠵᠢᠯ ᠢ ᠪᠦᠬᠦᠨ ᠢ ᠪᠡᠶᠡᠯᠡᠭᠦᠯᠵᠦ᠂ ᠨᠡᠭᠦᠷᠡᠰᠦ ᠶᠢ ᠤᠬᠢᠶᠠᠨ ᠰᠢᠯᠢᠬᠦ ᠠᠵᠢᠯ ᠢ | ᠡᠮᠬᠢ ᠵᠢᠷᠤᠮ ᠲᠠᠢ ᠥᠷᠨᠢᠭᠦᠯᠦᠨ᠂ 500 ᠲᠦᠮᠡᠨ ᠲᠣᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠪᠣᠯᠪᠠᠰᠤᠷᠠᠭᠤᠯᠬᠤ ᠠᠷᠠᠯᠵᠢᠶᠠᠨ ᠤ 2 ᠠᠵᠤ ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠦᠨ ᠪᠦᠳᠦᠭᠡᠨ | ᠪᠠᠶᠢᠭᠤᠯᠵᠤ᠂ ᠬᠡᠦᠷᠰᠢᠭᠦᠯᠦᠭᠰᠡᠨ ᠠᠵᠤ ᠠᠬᠤᠶᠢᠯᠠᠯ ᠤᠨ ᠬᠡᠳᠦ ᠳᠣᠣᠷ᠎ᠠ ᠭᠠᠳᠠᠭᠰᠢᠯᠠᠭᠤᠯᠤᠯᠲᠠ ᠶᠢᠨ | ᠥᠭᠡᠷᠡᠴᠢᠯᠡᠯᠲᠡ ᠶᠢ ᠲᠦᠷᠭᠡᠪᠴᠢᠯᠡᠨ ᠲᠦᠯᠬᠢᠨ ᠠᠬᠢᠭᠤᠯᠪᠠ᠃ ᠦᠬᠠᠶ ᠬᠤᠲᠠ ᠶᠢᠨ ᠰᠢᠨ᠎ᠡ ᠡᠨᠧᠷᠭᠢ᠂ ᠰᠢᠨ᠎ᠡ | ᠮᠠᠲ᠋ᠧᠷᠢᠶᠠᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠭᠤᠤᠯᠳᠠᠯᠭ᠎ᠠ ᠲᠠᠢ | ᠲᠥᠷᠥᠯ ᠵᠤᠶᠢᠯ ᠤᠨ ︽ᠨᠡᠷᠡᠰ ᠤᠨ ᠴᠠᠭᠠᠨ ᠲᠠᠩᠰᠠ︾ ᠶᠢᠨ ᠤᠶᠢᠯᠡᠴᠢᠯᠡᠭᠡᠨ ᠤ ᠲᠣᠭᠲᠠᠴᠠ ᠶᠢ ᠰᠢᠨ᠎ᠡ ᠪᠠᠷ | ᠡᠭᠦᠳᠦᠨ ᠪᠠᠶᠢᠭᠤᠯᠵᠤ᠂ ᠴᠢᠩ ᠲᠤᠤ ᠡᠨᠧᠷᠭᠢ ᠶᠢᠨ ᠬᠠᠲᠠᠭᠤ ᠲᠦᠯᠦᠪᠲᠦ ᠳ᠋ᠢᠶᠠᠨ ᡂᠢ᠂ ᠵᠢᠩ ᠱᠧᠩ ᠬᠡᠷᠡᠯ | ᠴᠡᠨᠡᠭ ᠤᠨ ᠲᠣᠨᠤᠭ ᠲᠥᠬᠦᠭᠡᠷᠦᠮᠵᠢ ᠵᠢᠴᠢ ᠴᠠᠬᠢᠯᠭᠠᠨ ᠭᠠᠷᠭᠠᠬᠤ ᠨᠢᠮᠭᠡᠨ ᠪᠦᠷᠬᠦᠭᠦᠯ ᠵᠡᠷᠭᠡ 56 ᠰᠢᠨ᠎ᠡ ᠪᠠᠷ ᠭᠡᠷ᠎ᠡ | ᠲᠣᠭᠲᠠᠭᠰᠠᠨ ᠲᠥᠷᠥᠯ ᠵᠤᠶᠢᠯ᠂ H ᠬᠡᠯᠪᠡᠷᠢ ᠶᠢᠨ ᠪᠣᠯᠣᠳ᠂ ᠯᠢᠲ᠋ᠢ ᠳ᠋ᠢᠶᠠᠨ ᡂᠢ ᠶᠢᠨ ᠠᠷᠭ᠎ᠠ ᠪᠢᠯᠢᠭ ᠲᠦᠢᠯ ᠤᠨ | ᠮᠠᠲ᠋ᠧᠷᠢᠶᠠᠯ᠂ BDO ᠵᠡᠷᠭᠡ ᠲᠥᠷᠥᠯ ᠵᠤᠶᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ | ᠲᠦᠷᠭᠡᠳᠬᠡᠨ ᠠᠬᠢᠭᠤᠯᠵᠤ᠂ ᠰᠢᠨ᠎ᠡ ᠪᠠᠷ ᠬᠥᠭᠵᠢᠭᠰᠡᠨ ᠠᠵᠤ ᠤᠶᠢᠯᠡᠰ ᠤᠨ ᠬᠥᠭᠵᠢᠯᠲᠡ ᠶᠢᠨ ᠬᠠᠨᠳᠤᠰᠢ ᠶᠢ ᠪᠣᠶ | ᠪᠣᠯᠭᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠬᠡᠷᠬᠢᠨ ᠥᠭᠡᠷᠡᠴᠢᠯᠡᠯᠲᠡ ᠪᠠᠷ ᠤᠶᠢᠯᠡᠴᠢᠯᠡᠭᠡᠨ ᠤ ᠤᠶᠢᠯᠡᠰ ᠤᠨ | ᠪᠦᠬᠦᠯᠢ ᠴᠣᠭᠴᠠ ᠪᠠᠷ ᠲᠠᠰ ᠳᠡᠪᠰᠢᠬᠦ ᠶᠢ ᠠᠬᠢᠭᠤᠯᠬᠤ ᠪᠣᠶ︖ | ᠭᠦᠸᠧ ᠢ ᠵᠢᠶᠧ᠄ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠤᠰᠬᠠᠶᠢᠵᠢᠯᠲᠠ ᠪᠠ | ᠦᠷᠳᠡᠭ ᠤᠨ ᠬᠡᠯᠬᠢᠶ᠎ᠡ ᠶᠢᠨ ᠳᠡᠭᠡᠳᠦ ᠲᠡᠰ ᠲᠡᠰᠢ ᠤᠷᠲᠤᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠥᠨᠳᠥᠷ ᠶᠠᠰᠤ ᠴᠢᠨᠠᠷ ᠪᠠ ᠤᠯᠠᠨ ᠶᠠᠩᠵᠤᠴᠢᠯᠠᠯᠳᠠ ᠲᠡᠰᠢ | ᠲᠡᠰ ᠳᠡᠪᠰᠢᠭᠦᠯᠵᠦ᠂ ︽ᠡᠯᠡᠰᠦᠨ ᠴᠦᠯ ᠳᠤ ᠲᠠᠯᠠᠢ ᠶᠢ ᠬᠠᠷᠠᠬᠤ · ᠳᠤᠮᠳᠠᠳᠤ ᠤᠯᠤᠰ ᠤᠨ ᠦᠬᠠᠢ︾ | ᠵᠤᠭᠠᠴᠠᠯ ᠤᠨ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠪᠤᠢ ᠪᠣᠯᠭᠠᠵᠤ᠂ ᠦᠬᠠᠢ ᠨᠠᠭᠤᠷ ᠤᠨ ᠦᠵᠡᠮᠵᠢ ᠶᠢᠨ | ᠣᠷᠣᠨ ᠢᠶᠠᠷ ᠭᠤᠣᠯ ᠪᠣᠯᠭᠠᠭᠰᠠᠨ ᠰᠣᠶᠣᠯ ᠵᠤᠭᠠᠴᠠᠯ ᠤᠨ 7 ᠰᠣᠳᠣᠨ ᠱᠤᠭᠤᠮ ᠢ ᠪᠦᠷᠢᠯᠳᠦᠭᠦᠯᠵᠦ᠂ 2024 | ᠣᠨ ᠤ ᠪᠦᠬᠦ ᠵᠢᠯ ᠳᠤ 382.5 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠬᠦᠯᠢᠶᠡᠨ ᠠᠪᠴᠤ᠂ | ᠵᠤᠭᠠᠴᠠᠯ ᠤᠨ ᠶᠡᠷᠦᠩᠬᠡᠢ ᠣᠷᠣᠯᠭ᠎ᠠ ᠶᠢ 27.47 ᠳ᠋ᠦᠩᠰᠢᠭᠤᠷ ᠲᠥᠭᠦᠷᠢᠭ ᠲᠤ ᠬᠦᠷᠭᠡᠵᠡᠢ᠃ ︽ᠳᠥᠷᠪᠡᠨ ᠠᠵᠤ | ᠠᠬᠤᠶ︾᠂ ︽ᠵᠠᠰᠠᠭ ᠤᠨ ᠣᠷᠳᠣᠨ ᠬᠥᠲᠥᠯᠦᠨ ᠵᠢᠯᠣᠭᠤᠳᠬᠤ + ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠬᠦ︾ | ᠵᠡᠷᠭᠡ ᠣᠯᠠᠨ ᠵᠤᠶᠢᠯ ᠤᠨ ᠠᠷᠭ᠎ᠠ ᠬᠡᠮᠵᠢᠶ᠎ᠡ ᠪᠠᠷ ᠬᠡᠷᠡᠭᠯᠡᠭᠡ ᠶᠢᠨ ᠳᠠᠯᠳᠠ ᠬᠦᠴᠦᠨ ᠢ ᠬᠥᠭᠵᠢᠭᠡᠵᠦ᠂ ᠵᠠᠰᠠᠭ ᠤᠨ | ᠣᠷᠳᠣᠨ 1000 ᠲᠦᠮᠡᠨ ᠲᠥᠭᠦᠷᠢᠭ ᠤᠨ ᠪᠠᠯᠠ ᠣᠷᠣᠭᠤᠯᠵᠤ ᠬᠡᠷᠡᠭᠯᠡᠭᠡ ᠶᠢ 9.4 ᠳ᠋ᠦᠩᠰᠢᠭᠤᠷ ᠲᠥᠭᠦᠷᠢᠭ | ᠬᠥᠳᠡᠯᠭᠡᠵᠦ᠂ ᠬᠤᠶᠠᠳᠤᠭᠠᠷ ᠪᠦᠯᠦᠭ ᠤᠨ ᠪᠥᠬᠦ ᠤᠯᠤᠰ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ︽ | ᠳᠠᠭᠠᠭᠤᠯᠤᠭᠴᠢ ᠰᠢᠶᠠᠨ︾ ᠤ ᠬᠡᠷᠡᠭ ᠤᠨ ᠡᠮᠬᠢᠳᠬᠡᠯ ᠳᠤ ᠠᠮᠵᠢᠯᠲᠠ ᠲᠠᠢ ᠪᠠᠷ ᠰᠣᠩᠭᠤᠭᠳᠠᠪᠠ᠃ ᠦᠬᠠᠢ ᠶᠢᠨ | ᠦᠢᠯᠡᠴᠢᠯᠡᠭᠡᠨ ᠤ ᠲᠥᠪ ᠲᠢᠶᠠᠨᠵᠢᠨ ᠭᠠᠷᠠᠮ ᠳᠤ ᠣᠷᠣᠵᠤ ᠰᠠᠭᠤᠵᠤ᠂ ᠲᠤᠰ ᠭᠠᠵᠠᠷ ᠣᠷᠣᠨ ᠤ ᠦᠢᠯᠡᠳᠬᠦᠨ ᠤ | ᠤᠯᠤᠰ ᠤᠨ ᠡᠭᠦᠳᠡ ᠪᠠᠷ ᠰᠢᠪᠲᠤᠯᠤᠨ ᠭᠠᠷᠬᠤ ᠶᠢ ᠠᠬᠢᠭᠤᠯᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠨᠡᠶᠢᠭᠡᠮ ᠠᠷᠠᠳ ᠤᠨ ᠠᠮᠢᠳᠤᠷᠠᠯ ᠤᠨ ᠤᠶᠢᠯᠡᠰ ᠤᠨ ᠴᠢᠨᠠᠷ | ᠰᠠᠶᠢᠲᠠᠶ ᠪᠠᠲᠤᠯᠠᠭ᠎ᠠ ᠶᠢ ᠥᠭᠡᠷᠡᠴᠢᠯᠡᠯᠲᠡ ᠪᠠᠷ ᠬᠡᠷᠬᠢᠨ ᠲᠡᠭᠦᠯᠳᠡᠷᠵᠢᠭᠦᠯᠬᠦ ᠪᠣᠶ︖ | ᠭᠦᠸᠧ ᠢ ᠵᠢᠶᠧ᠄ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ | ᠪᠣᠯᠭᠠᠵᠤ᠂ ᠥᠭᠡᠷᠡᠴᠢᠯᠡᠯᠲᠡ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠤᠨ᠎ᠠ᠃ | ᠬᠢᠨᠠᠯᠲᠠ ᠲᠠᠯᠪᠢᠬᠤ ᠲᠦᠷᠢᠮ᠂ ᠠᠵᠢᠯ ᠤᠨ ᠪᠠᠶᠢᠷᠢ ᠶᠢᠨ ᠮᠡᠷᠭᠡᠵᠢᠯ ᠤᠨ ᠴᠣᠯᠠ᠂ ᠴᠠᠯᠢᠩ ᠬᠥᠯᠥᠰᠥ ᠢᠷᠠᠭᠤ | ᠠᠯᠳᠠᠷ ᠤᠨ ᠲᠦᠷᠢᠮ ᠵᠡᠷᠭᠡ 4 ᠵᠤᠶᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠷ ᠰᠤᠷᠭᠠᠨ ᠬᠥᠮᠦᠵᠢᠯ ᠤᠨ | ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ 10 ᠨᠢᠭᠲᠠ ᠬᠡᠯᠪᠡᠷᠢ ᠶᠢᠨ᠂ ᠬᠤᠯᠪᠣᠭᠠᠲᠤ | ᠬᠡᠯᠪᠡᠷᠢ ᠶᠢᠨ ᠰᠤᠷᠭᠠᠨ ᠬᠥᠮᠦᠵᠢᠯ ᠤᠨ ᠪᠦᠯᠦᠭᠯᠡᠯ ᠢ ᠪᠣᠶ ᠪᠣᠯᠭᠠᠵᠤ᠂ ᠦᠬᠠᠶ ᠬᠤᠲᠠ ᠶᠢ ᠲᠥᠯᠥᠭᠡᠯᠡᠨ ᠥᠪᠡᠷᠲᠡᠭᠡᠨ | ᠵᠠᠰᠠᠬᠤ ᠣᠷᠣᠨ ᠤ ᠠᠩᠬᠠᠳᠠᠭᠴᠢ ᠪᠦᠯᠦᠭ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠡᠭᠦᠳᠦᠨ ᠪᠠᠶᠢᠭᠤᠯᠬᠤ ᠰᠢᠯᠭᠠᠨ ᠠᠪᠤᠯᠲᠠ ᠶᠢ ᠤᠷᠤᠭᠰᠢᠲᠠᠶ | ᠥᠩᠭᠡᠷᠡᠭᠦᠯᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠨᠢᠭᠲᠠ ᠬᠡᠯᠪᠡᠷᠢ ᠶᠢᠨ ᠬᠤᠳᠠ ᠶᠢᠨ ᠡᠮ ᠡᠮᠨᠡᠯᠭᠡ ᠶᠢᠨ ᠪᠦᠯᠦᠭᠯᠡᠯ ᠤᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ | ᠲᠦᠷᠭᠡᠳᠬᠡᠨ᠂ ᠬᠤᠳᠠ ᠬᠥᠳᠡᠭᠡ ᠶᠢ ᠨᠡᠶᠢᠳᠡᠮ ᠬᠠᠮᠤᠷᠤᠭᠰᠠᠨ ᠭᠤᠷᠪᠠᠨ ᠱᠠᠲᠤᠨ ᠤ ᠡᠮ ᠡᠮᠨᠡᠯᠭᠡ ᠶᠢᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠲᠣᠭᠤᠷᠢᠭ ᠤᠨ ᠲᠠᠰ ᠤᠨ ᠳᠣᠭᠢᠷᠠᠭᠤᠯᠤᠨ ᠵᠢᠯᠣᠭᠤᠳᠬᠤ ᠲᠥᠪ | 1᠂ ᠨᠠᠰᠤᠵᠢᠯ ᠤᠨ ᠪᠠᠶᠢᠭᠤᠯᠤᠮᠵᠢ 4᠂ ᠨᠡᠶᠢᠭᠡᠮ ᠲᠣᠭᠤᠷᠢᠭ ᠤᠨ ᠨᠠᠰᠤᠵᠢᠯ ᠤᠨ ᠤᠶᠢᠯᠡᠴᠢᠯᠡᠭᠡᠨ ᠤ ᠲᠥᠪ 45᠂ | ᠨᠠᠰᠤᠲᠠᠶᠢᠴᠤᠳ ᠲᠤ ᠤᠶᠢᠯᠡᠴᠢᠯᠡᠬᠦ 106 ᠵᠣᠬᠢᠶᠠᠨ ᠪᠠᠶᠢᠭᠤᠯᠤᠯᠲᠠ ᠪᠠᠷ ᠪᠦᠷᠢᠯᠳᠦᠭᠰᠡᠨ ᠨᠠᠰᠤᠵᠢᠯ ᠤᠨ | ᠤᠶᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠳᠤ ᠬᠤᠲᠠ ᠬᠥᠳᠡᠭᠡ ᠶᠢᠨ | ᠨᠠᠰᠤᠵᠢᠯ ᠤᠨ ᠤᠶᠢᠯᠡᠴᠢᠯᠡᠭᠡᠨ ᠤ ᠪᠡᠯᠡᠳᠬᠡᠮᠵᠢ ᠶᠢ ᠪᠦᠬᠦᠨ ᠢ ᠬᠠᠮᠤᠷᠬᠤ ᠶᠢ ᠤᠷᠢᠳᠠᠪᠠᠷ ᠪᠡᠶᠡᠯᠡᠭᠦᠯᠦᠨ᠎ᠡ᠃ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ | ᠬᠤᠳᠠ ᠶᠢᠨ ᠲᠣᠭᠤᠷᠢᠭ ᠤᠨ ᠡᠮᠦᠨ᠎ᠡ ᠤᠮᠠᠷ᠎ᠠ ᠶᠢᠨ 2 ︽ᠨᠢᠭᠡ ᠦᠷᠳᠡᠭᠡᠯᠢᠭ ᠮᠠᠶ᠋ᠢᠭ︾ ᠤᠨ ᠡᠳᠦᠷ ᠤᠨ | ᠬᠦᠴᠦᠨ ᠤ ᠵᠠᠬ᠎ᠠ ᠳᠡᠯᠭᠡᠭᠦᠷ ᠢ ᠪᠠᠶᠢᠭᠤᠯᠵᠤ᠂ ᠬᠤᠳᠠ ᠶᠢᠨ ᠲᠣᠭᠤᠷᠢᠭ ᠤᠨ 90% ᠶᠢᠨ ᠲᠦᠷ ᠴᠠᠭ ᠤᠨ | ᠬᠥᠯᠥᠰᠥᠨ ᠠᠵᠢᠯ ᠬᠢᠵᠦ ᠪᠠᠶᠢᠭ᠎ᠠ ᠤᠯᠠᠨ ᠲᠦᠮᠡᠨ ︽ᠵᠠᠰᠠᠮᠠᠯ ᠵᠠᠮ ᠢᠶᠠᠷ ᠬᠥᠯᠥᠰᠥᠨ ᠠᠵᠢᠯ ᠬᠢᠬᠦ︾ ᠠᠴᠠ ᠰᠠᠯᠪᠠ᠃ | ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠬᠦᠯᠵᠦ᠂ | ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠲᠤᠯᠤᠭᠠᠨ ᠵᠢᠯ ᠳᠠᠷᠠᠭᠠᠯᠠᠨ ᠳᠡᠭᠡᠭᠰᠢᠯᠡᠭᠦᠯᠵᠦ᠂ ᠥᠪᠡᠷᠲᠡᠭᠡᠨ | ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠭᠤᠯᠤᠨ᠎ᠠ᠃ ︽ᠠᠷᠠᠳ ᠤᠨ ᠬᠤᠲᠠ︾ ᠶᠢᠨ ᠣᠨᠣᠯᠵᠢᠬᠤᠨ ᠢ | ᠤᠶᠢᠯᠡᠳᠤᠯᠭᠡᠵᠢᠭᠦᠯᠵᠤ᠂ ᠬᠤᠲᠠ ᠶᠢᠨ ︽ᠥᠩᠭᠡ ᠵᠢᠰᠦ︾ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ ᠪᠥᠬᠦ | ᠬᠤᠲᠠ ᠶᠢᠨ ᠭᠠᠵᠠᠷ ᠳᠣᠤᠷᠠᠬᠢ 152 ᠺᠢᠯᠣᠮᠧᠲᠷ ᠤᠨ ᠰᠢᠷᠡᠮᠦᠨ ᠰᠢᠲᠠᠭᠴᠢ ᠬᠡᠶ ᠶᠢᠨ ᠬᠤᠭᠤᠯᠠᠶ ᠶᠢᠨ ᠲᠣᠤᠷ ᠤᠨ | ᠥᠭᠡᠷᠡᠴᠢᠯᠡᠯᠲᠡ ᠶᠢ ᠪᠡᠶᠡᠯᠡᠭᠦᠯᠵᠦ᠂ ᠬᠤᠲᠠ ᠶᠢᠨ ︽ᠳᠣᠲᠣᠷ︾ ᠢ ᠰᠠᠶᠢᠲᠤᠷ ᠬᠢᠨ᠎ᠠ︔ ᠨᠡᠶᠢᠲᠡ 146 ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠪᠡᠶᠡᠯᠡᠭᠦᠯᠦᠭᠰᠡᠨ ᠨᠣᠷᠮ᠎ᠠ 96% ᠪᠠᠶᠢᠵᠤ᠂ | 36 ᠤᠭᠤᠲᠠ ᠴᠡᠴᠡᠷᠯᠢᠭ ᠢ ᠰᠢᠨ᠎ᠡ ᠪᠠᠷ ᠪᠠᠶᠢᠭᠤᠯᠵᠤ᠂ 20 ᠭᠠᠷᠤᠶ ᠲᠦᠮᠡᠨ ᠲᠡᠭᠰᠢ ᠳᠥᠷᠪᠡᠯᠵᠢᠨ ᠮᠧᠲᠷ | ᠨᠣᠭᠤᠭᠠᠨ ᠭᠠᠵᠠᠷ ᠢ ᠰᠢᠨ᠎ᠡ ᠪᠠᠷ ᠨᠡᠮᠡᠭᠳᠡᠭᠦᠯᠦᠨ᠂ 8218 ᠲᠡᠷᠭᠡ ᠵᠣᠭᠰᠣᠭᠠᠬᠤ ᠭᠠᠵᠠᠷ ᠢ ᠰᠢᠨ᠎ᠡ ᠪᠠᠷ | ᠨᠡᠮᠡᠭᠳᠡᠭᠦᠯᠵᠦ᠂ ᠬᠤᠲᠠ ᠶᠢᠨ ︽ᠨᠢᠭᠤᠷ ᠲᠠᠯ᠎ᠠ︾ ᠶᠢ ᠰᠠᠶᠢᠲᠤᠷ ᠬᠢᠪᠠ᠃ ᠥᠪᠡᠷᠲᠡᠭᠡᠨ ᠵᠠᠰᠠᠬᠤ ᠣᠷᠣᠨ ᠳᠤ | ᠤᠷᠢᠳᠠᠪᠠᠷ ᠬᠤᠳᠠ ᠶᠢᠨ ᠲᠣᠭᠤᠷᠢᠭ ᠤᠨ ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢ | ᠪᠦᠷᠬᠦᠬᠦᠯᠬᠦ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠢ ᠨᠡᠩ ᠲᠠᠭᠠᠯᠠᠮᠵᠢᠲᠠᠢ ᠳᠥᠭᠦᠮ ᠳᠥᠲᠡ | ᠪᠣᠯᠭᠠᠨ᠎ᠠ᠃ ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ | ᠲᠦᠷᠦ ᠶᠢᠨ ᠡᠭᠦᠷᠭᠡ ᠪᠣᠯᠭᠠᠵᠤ᠂ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ | ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠵᠢᠴᠢ ᠦᠬᠠᠶ ᠬᠤᠲᠠ ᠶᠢᠨ | ᠨᠠᠮ ᠤᠨ ᠬᠤᠷᠢᠶ᠎ᠠ ᠶᠢᠨ ᠪᠣᠳᠠᠲᠠᠶ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠲᠤᠤᠱᠠᠯᠠᠭᠤᠯᠤᠨ᠂ | ᠰᠢᠷᠭᠠᠭᠤ ᠠᠵᠢᠯᠯᠠᠵᠤ ᠪᠣᠳᠠᠲᠠᠶ ᠠᠵᠢᠯᠯᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠨ᠎ᠡ︕ | |