ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ ᠠᠩᠬᠠᠳᠤᠭᠠᠷ ᠪᠦᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/11
    2 ᠰᠠᠷ᠎ᠠ ᠶᠢᠨ 10᠎ ᠤ ᠡᠳᠦᠷ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2025 ᠣᠨ ᠤ ᠠᠩᠬᠠᠳᠤᠭᠠᠷ ᠪᠦᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠪᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠦ ᠯᠢ ᠬᠤᠸᠠ ᠬᠤᠷᠠᠯ ᠢ ᠡᠷᠬᠢᠯᠡᠪᠡ᠃    ᠬᠤᠷᠠᠯ ᠠᠴᠠ ᠯᠢ ᠴᠢᠶᠠᠩ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠤᠳᠠᠭ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠳᠡᠭᠡᠷᠡᠬᠢ ᠸᠠᠩ ᠯᠢ ᠰᠢᠶᠠ ᠶᠢᠨ ᠶᠠᠷᠢᠶᠠᠨ ᠤ ᠵᠣᠷᠢᠭ ᠰᠠᠨᠠᠭ᠎ᠠ ᠪᠣᠯᠤᠨ ᠼᠦᠢ ᠵᠢᠩ ᠶᠢᠩ ᠦᠬᠠᠢ ᠬᠤᠳᠠ ᠶᠢᠨ ᠭᠤᠷᠪᠠᠳᠤᠭᠠᠷ ᠤᠳᠠᠭ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ︽ᠦᠬᠠᠢ ᠬᠤᠳᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠰᠠᠬᠢᠯᠭ᠎ᠠ ᠪᠠᠲᠤ ᠣᠪᠣᠷ ᠰᠤᠷᠲᠠᠯ ᠢ ᠴᠢᠨᠠᠭᠰᠢᠳᠠ ᠴᠢᠩᠳᠠᠯᠠᠬᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠴᠢᠩᠭ᠎ᠠ ᠴᠠᠭᠠᠵᠠᠯᠠᠬᠤ ᠲᠤᠬᠠᠢ ᠮᠡᠳᠡᠭᠳᠡᠯ︾᠂ ︽ᠦᠬᠠᠢ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ︾᠎ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ︔ 2024 ᠣᠨ ᠤ ᠪᠦᠬᠦ ᠲᠤᠭᠤᠷᠢᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠢ ᠰᠡᠷᠡᠮᠵᠢᠯᠡᠭᠦᠯᠬᠦ ᠬᠥᠮᠦᠵᠢᠯ ᠤᠨ ᠪᠠᠶᠢᠳᠠᠯ ᠢ ᠵᠠᠷᠯᠠᠨ ᠮᠡᠳᠡᠭᠳᠡᠪᠡ︔ ᠬᠠᠶᠢᠷᠤᠪ ᠤᠨ ᠲᠤᠬᠤᠢ ᠲᠣᠭᠤᠷᠢᠭ ᠤᠨ ᠭᠤᠣᠯ ᠪᠣᠯᠬᠤ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠪᠦᠬᠦ ᠵᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠬᠦ ᠶᠢᠨ ᠲᠣᠭᠤᠷᠢᠨ ᠳᠤ ᠣᠪᠣᠷ ᠢᠶᠠᠨ ᠢᠯᠡᠳᠬᠡᠬᠦ ᠦᠭᠡ ᠬᠡᠯᠡᠪᠡ᠃    ᠼᠦᠢ ᠬᠤᠩ ᠪᠥᠸᠧ ᠬᠡᠯᠡᠭᠰᠡᠨ ᠨᠢ᠂ ᠬᠠᠶᠢᠷᠤᠪ ᠤᠨ ᠲᠤᠬᠤᠢ ᠲᠣᠭᠤᠷᠢᠭ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠨᠠᠮ ᠳᠠᠭᠠᠨ ᠲᠦᠢᠯ ᠤᠨ ᠦᠨᠡᠨᠴᠢ ᠰᠢᠳᠤᠷᠭᠤ ᠪᠠᠶᠢᠬᠤ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ ᠪᠣᠯᠤᠨ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠢᠮᠠᠭᠲᠠ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂  ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠂ ᠦᠬᠠᠢ ᠬᠤᠳᠠ ᠶᠢᠨ ᠠᠵᠢᠯ ᠤᠨ ᠱᠠᠭᠠᠷᠳᠠᠯᠭ᠎ᠠ ᠶᠢ ᠬᠠᠶᠢᠷᠤᠪ ᠤᠨ ᠲᠤᠬᠤᠢ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠬᠦ ᠶᠢ ᠪᠠᠲᠤᠯᠠᠬᠤ ᠬᠡᠷᠡᠭᠲᠡᠢ᠃ ᠴᠢᠳᠠᠪᠤᠷᠢ ᠪᠠᠨ ᠴᠢᠩᠭᠠᠳᠬᠠᠨ ᠬᠡᠪ ᠴᠢᠨᠠᠷ ᠢᠶᠠᠨ ᠳᠡᠭᠡᠭᠰᠢᠯᠡᠭᠦᠯᠵᠦ᠂ ᠬᠥᠭᠵᠢᠯᠲᠡ ᠶᠢ ᠠᠬᠢᠭᠤᠯᠬᠤ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠰᠡᠳᠬᠢᠬᠦᠶ ᠶᠢᠨ ᠰᠢᠨ᠎ᠡ ᠶᠢ ᠡᠭᠦᠳᠬᠦ ᠴᠢᠳᠠᠪᠤᠷᠢ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠ ᠠᠶᠤᠯ ᠲᠦᠭᠰᠢᠭᠦᠷᠢ ᠶᠢ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠲᠣᠭᠲᠠᠭᠠᠯ ᠶᠣᠰᠣᠭᠠᠷ ᠠᠵᠢᠯ ᠶᠠᠪᠤᠳᠠᠯ ᠭᠦᠢᠴᠡᠳᠭᠡᠬᠦ ᠬᠠᠤᠯᠢ ᠪᠠᠷ ᠵᠠᠰᠠᠬᠤ ᠤᠬᠠᠮᠰᠠᠷ ᠢ ᠪᠣᠶ ᠪᠣᠯᠭᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ︽ᠪᠦᠰᠡᠯᠡᠯᠲᠡ ᠶᠢ ᠰᠢᠪᠲᠤᠯᠵᠤ︾᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠭᠡᠬᠦ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠬᠤᠷᠳᠤᠴᠠ ᠶᠢ ᠲᠦᠷᠭᠡᠳᠬᠡᠬᠦ︾᠎ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃ ᠰᠤᠷᠲᠠᠯ ᠢᠶᠠᠨ ᠬᠤᠪᠢᠷᠠᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠵᠦ᠂ ᠴᠢᠳᠠᠮᠠᠭᠠᠶ ᠪᠠᠷ ᠬᠢᠵᠦ ᠴᠢᠳᠠᠮᠠᠭᠠᠶ ᠪᠠᠷ ᠪᠦᠲᠦᠭᠡᠵᠦ᠂ ᠡᠯ᠎ᠡ ᠵᠦᠢᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃ ᠠᠷᠢᠭᠤᠨ ᠴᠢᠬᠡᠴᠢ ᠪᠠᠶᠢᠬᠤ ᠶᠢ ᠡᠭᠦᠷᠢᠳᠡ ᠪᠠᠲᠤᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠥᠷᠭᠡᠨ ᠤᠯᠠᠨ ᠺᠠᠳ᠋ᠷ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠺᠠᠳ᠋ᠷ ᠲᠥᠪ ᠭᠤᠣᠯᠴᠢ᠂ ᠵᠠᠰᠠᠭ ᠤᠨ ᠣᠷᠳᠣᠨ ᠠᠷᠢᠭᠤᠨ ᠴᠢᠬᠡᠴᠢ᠂ ᠤᠯᠤᠰ ᠲᠦᠷᠦ ᠭᠡᠭᠡᠨ ᠰᠠᠷᠠᠭᠤᠯ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠨ ᠢ ᠴᠢᠩᠭᠠᠳᠬᠠᠵᠤ᠃ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠲᠡᠭᠦᠷᠭᠡ ᠶᠢᠨ ᠲᠠᠷᠢᠶᠠᠯᠠᠩ ᠢ ᠪᠥᠲᠥᠭᠡᠨ ᠪᠠᠶᠢᠭᠤᠯᠬᠤ᠂ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠬᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠰᠢᠨ᠎ᠡ ᠶᠢ ᠡᠭᠦᠳᠦᠨ ᠬᠥᠭᠵᠢᠭᠦᠯᠬᠦ ᠶᠢᠨ ᠲᠣᠭᠤᠷᠢᠨ ᠳᠤ᠂ ᠵᠢᠭᠤᠯᠴᠢᠯᠠᠯ ᠤᠨ ᠠᠵᠤ ᠦᠢᠯᠡᠰ ᠤᠨ ᠪᠦᠬᠦᠯᠢ ᠴᠣᠭᠴᠠ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠨ ᠪᠤᠵᠠᠭᠠᠶᠢᠷᠠᠭᠤᠯᠵᠤ᠂ ᠪᠥᠬᠦ ᠲᠤᠭᠤᠷᠢᠭ ᠤᠨ ᠬᠦᠴᠦᠨ ᠢ ᠳᠠᠶᠢᠴᠢᠯᠠᠨ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠭᠦᠷᠭᠡ ᠶᠢ ᠪᠡᠶᠡᠯᠡᠭᠦᠯᠵᠦ᠂ ︽ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠤᠷᠤᠬᠤ︾ ᠬᠠᠷᠠᠯᠲᠠ ᠳᠠᠰᠢ ᠯᠠᠪᠳᠠᠭᠤᠨ ᠪᠠᠲᠤᠲᠠᠶ ᠤᠷᠤᠭᠰᠢᠯᠠᠨ᠎ᠠ᠃ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠠᠷᠪᠠᠨ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠷᠠᠳ ᠤᠨ ᠶᠠᠪᠤᠳᠠᠯ ᠤᠨ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠨᠡᠶᠢᠭᠡᠮ ᠤᠨ ᠠᠰᠠᠷᠠᠮᠵᠢ ᠶᠢᠨ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠷᠠᠳ ᠣᠯᠠᠨ ᠳᠤ ᠰᠠᠶᠢᠨ ᠶᠠᠪᠤᠳᠠᠯ᠂ ᠪᠣᠳᠠᠲᠠᠢ ᠶᠠᠪᠤᠳᠠᠯ᠂ ᠬᠦᠴᠢᠷ ᠶᠠᠪᠤᠳᠠᠯ ᠢ ᠰᠢᠢᠳᠪᠦᠷᠢᠯᠡᠵᠦ᠂ ᠠᠷᠠᠳ ᠤᠨ ᠶᠠᠪᠤᠳᠠᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号